ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠬᠠᠶ᠋ᠢᠷ᠎ᠠ ᠬᠠᠯᠠᠮᠵᠢ ᠵᠢᠨ ᠬᠥᠯ ᠪᠥᠮᠪᠥᠭᠡ ᠬᠡᠦᠬᠡᠳ᠎ᠢ ᠪᠠᠶᠠᠷ ᠬᠥᠷ᠎ᠲᠠᠢ ᠥᠰᠬᠡᠨ᠎ᠡ
ᠨᠡᠶ᠋ᠢᠲᠡᠯᠡᠭᠰᠡᠨ ᠴᠠᠭ᠄ 2021-03-25

    3 ᠰᠠᠷ᠎ᠠ ᠵᠢᠨ 23᠎ᠤ ᠡᠳᠦᠷ᠂ ᠤᠷᠢᠬᠠᠨ ᠰᠠᠯᠬᠢ ᠵᠢ ᠤᠭᠲᠤᠨ᠂ ᠬᠥᠬᠡᠬᠣᠲᠠ ᠵᠢᠨ ᠬᠥᠯ ᠪᠥᠮᠪᠥᠭᠡ ᠵᠢᠨ ᠬᠥᠳᠡᠯᠭᠡᠭᠡᠨ᠎ᠤ ᠲᠥᠪ᠂ ᠬᠥᠬᠡᠬᠣᠲᠠ ᠵᠢᠨ ᠣᠷᠣᠶ ᠵᠢᠨ ᠰᠣᠨᠢᠨ᠂ ᠢᠯᠢ ᠪᠦᠯᠦᠭᠯᠡᠯ᠂ ᠬᠥᠬᠡᠬᠣᠲᠠ ᠵᠢᠨ ᠱᠧᠩ ᠯᠢ ᠰᠤᠷᠭ᠋ᠠᠨ ᠬᠥᠮᠦᠵᠢᠯ᠂ ᠰᠡᠳᠬᠢᠴᠡ ᠵᠢᠴᠢ ᠦᠢ᠍ᠯᠨ ᠠᠵᠢᠯᠯᠠᠭ᠎ᠠ ᠵᠢ ᠰᠤᠳᠤᠯᠤᠨ ᠬᠠᠮᠢᠶᠠᠷᠬᠤ ᠲᠥᠪ᠂ ᠬᠥᠬᠡᠬᠣᠲᠠ ᠵᠢᠨ ᠵᠢᠤᠢ ᠬᠤᠸᠠ ᠣᠯᠠᠨ ᠤᠯᠤᠰ᠎ᠤᠨ ᠵᠣᠴᠢᠳ᠎ᠤᠨ ᠪᠠᠭᠤᠳᠠᠯ᠎ᠤᠨ ᠬᠠᠮᠲᠤᠷᠠᠨ ᠡᠷᠭᠢᠯᠡᠭᠰᠡᠨ 《ᠬᠠᠶ᠋ᠢᠷ᠎ᠠ ᠬᠠᠯᠠᠮᠵᠢ᠎ᠪᠠᠷ ᠰᠤᠷᠭ᠋ᠠᠨ ᠬᠥᠮᠦᠵᠢᠯ᠎ᠢ ᠳᠡᠮᠵᠢᠬᠦ》 ᠰᠢᠷᠢᠰ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠦᠷᠭᠦᠯᠵᠢᠯᠡᠨ ᠬᠠᠶ᠋ᠢᠷ᠎ᠠ ᠬᠠᠯᠠᠮᠵᠢ ᠬᠦᠷᠲᠡᠭᠡᠵᠦ᠂ ᠲᠦᠮᠡᠳ ᠵᠡᠭᠦᠨ ᠬᠣᠰᠢᠭᠤᠨ᠎ᠤ ᡁᠢ ᠵᠢᠶ ᠯᠢᠶᠠᠩ ᠭᠤᠤᠯ ᠰᠤᠷᠭ᠋ᠠᠭᠤᠯᠢ᠎ᠳᠤ ᠬᠦᠷᠴᠦ᠂ ᠲᠣᠰ ᠰᠤᠷᠭ᠋ᠠᠭᠤᠯᠢ ᠵᠢᠨ 43 ᠰᠣᠷᠣᠭᠴᠢ᠎ᠳᠤ ᠲᠤᠰᠬᠠᠶ ᠮᠡᠷᠭᠡᠵᠢᠯ᠎ᠤᠨ ᠬᠥᠯ ᠪᠥᠮᠪᠥᠭᠡ ᠵᠢᠨ ᠪᠣᠯᠪᠠᠰᠤᠷᠠᠯ ᠪᠠ ᠲᠣᠨᠣᠭ ᠲᠥᠬᠥᠭᠡᠷᠦᠮᠵᠢ᠂ ᠠᠮᠢᠳᠤᠯᠢᠭ ᠰᠣᠨᠢᠷᠬᠠᠯᠲᠠᠶ ᠬᠢᠴᠢᠶᠡᠯ ᠪᠠ ᠬᠠᠶ᠋ᠢᠷ᠎ᠠ ᠬᠠᠯᠠᠮᠵᠢ ᠵᠢᠨ ᠨᠣᠮ ᠪᠢᠴᠢᠭ ᠬᠦᠷᠭᠡᠪᠡ᠃



      ᠲᠦᠮᠡᠳ ᠵᠡᠭᠦᠨ ᠬᠣᠰᠢᠭᠤᠨ᠎ᠤ ᡁᠢ ᠵᠢᠶ ᠯᠢᠶᠠᠩ ᠭᠤᠤᠯ ᠰᠤᠷᠭ᠋ᠠᠭᠤᠯᠢ᠎ᠨᠢ ᠨᠡᠯᠢᠶᠡᠳ ᠪᠣᠶ᠋ᠢᠳᠠ ᠪᠦᠭᠯᠡᠭᠦᠦ᠂ ᠪᠠᠭᠰᠢ ᠵᠢᠨ ᠬᠦᠴᠦᠨ᠎ᠨᠢ ᠴᠣ᠌ ᠪᠠᠭᠤᠷᠠᠶ ᠪᠠᠶ᠋ᠢᠵᠤ᠂ ᠪᠠᠭᠰᠢ ᠨᠢᠭᠡᠪᠦᠷᠢ᠎ᠨᠢ ᠴᠥᠮ ᠪᠡᠶ᠎ᠡ᠎ᠳᠡᠭᠡᠨ ᠬᠡᠳᠦᠨ ᠬᠢᠴᠢᠶᠡᠯ ᠬᠠᠪᠰᠤᠷᠭ᠋ᠠᠵᠤ᠂ ᠵᠢᠭ᠋ᠠᠨ ᠰᠤᠷᠭ᠋ᠠᠬᠤ ᠡᠭᠦᠷᠭᠡ ᠬᠦᠨᠳᠦ ᠪᠣᠯᠬᠣᠷ ᠰᠤᠷᠤᠭᠴᠢᠳ᠎ᠤᠨ ᠳᠤᠷ᠎ᠠ ᠰᠣᠨᠢᠷᠬᠠᠯ᠎ᠤᠨ ᠬᠢᠴᠢᠶᠡᠯ᠎ᠢ ᠠᠭᠤᠳᠠᠯᠬᠤ ᠲᠠᠯ᠎ᠠ᠎ᠪᠠᠷ ᠳᠤᠲᠠᠮᠠᠭ ᠪᠠᠶ᠋ᠢᠨ᠎ᠠ᠃ ᠬᠥᠬᠡᠬᠣᠲᠠ ᠵᠢᠨ ᠬᠥᠯ ᠪᠥᠮᠪᠥᠭᠡ ᠵᠢᠨ ᠬᠥᠳᠡᠯᠭᠡᠭᠡᠨ᠎ᠤ ᠲᠥᠪ᠎ᠤᠨ ᠬᠥᠯ ᠪᠥᠮᠪᠥᠭᠡ ᠵᠢᠨ ᠪᠣᠯᠪᠠᠰᠤᠷᠠᠯ᠎ᠤᠨ ᠵᠠᠯᠠᠭᠤ ᠰᠤᠷᠭ᠋ᠠᠭᠴᠢ ᠰᠤᠷᠤᠭᠴᠢᠳ᠎ᠲᠤ ᠬᠥᠯ ᠪᠥᠮᠪᠥᠭᠡ ᠵᠢᠨ ᠳᠤᠷ᠎ᠠ ᠰᠣᠨᠢᠷᠬᠠᠯ᠎ᠤᠨ ᠵᠢᠭ᠋ᠠᠨ ᠰᠤᠷᠭ᠋ᠠᠯᠲᠠ ᠬᠢᠵᠦ᠂ ᠰᠤᠷᠤᠭᠴᠢᠳ᠎ᠤᠨ ᠬᠥᠯ ᠪᠥᠮᠪᠥᠭᠡ ᠵᠢᠨ ᠳᠠᠯᠳᠠ ᠴᠢᠳᠠᠪᠤᠷᠢ ᠵᠢ ᠬᠥᠭᠵᠢᠭᠡᠪᠡ᠃


    ᠬᠥᠯ ᠪᠥᠮᠪᠥᠭᠡ ᠵᠢᠨ ᠬᠢᠴᠢᠶᠡᠯ ᠳᠡᠭᠡᠷ᠎ᠡ᠂ ᠬᠥᠬᠡᠬᠣᠲᠠ ᠵᠢᠨ ᠬᠥᠯ ᠪᠥᠮᠪᠥᠭᠡ ᠵᠢᠨ ᠬᠥᠳᠡᠯᠭᠡᠭᠡᠨ᠎ᠤ ᠲᠥᠪ᠎ᠤᠨ ᠳᠠᠰᠬᠠᠯᠵᠢᠭᠤᠯᠤᠭᠴᠢ ᠯᠢᠦ ᠬᠠᠶ ᠲᠦᠩ ᠲᠤᠰᠠᠯᠠᠭᠴᠢ ᠪᠠᠭᠰᠢ ᠶᠠᠨ ᠮᠠᠨ ᠲᠦᠩ᠎ᠲᠠᠢ ᠬᠠᠮᠲᠤ ᠲᠣᠭᠯᠠᠭ᠋ᠠᠮ᠎ᠤᠨ ᠬᠡᠯᠪᠡᠷᠢ᠎ᠪᠠᠷ ᠰᠤᠷᠤᠭᠴᠢᠳ᠎ᠤᠨ ᠪᠡᠶ᠎ᠡ   ᠲᠠᠰᠬᠠᠬᠤ ᠠᠵᠢᠯᠯᠠᠭ᠎ᠠ ᠵᠢ ᠠᠬᠢᠭᠤᠯᠵᠤ᠂ ᠰᠤᠷᠤᠭᠴᠢᠳ᠎ᠤᠨ ᠪᠡᠶ᠎ᠡ ᠵᠢᠨ ᠬᠠᠮᠵᠢᠯᠴᠠᠬᠤ ᠴᠢᠳᠠᠪᠤᠷᠢ ᠪᠠ ᠲᠤᠰᠬᠠᠯ᠎ᠤᠨ ᠴᠢᠳᠠᠪᠤᠷᠢ ᠵᠢ ᠳᠡᠭᠡᠭᠰᠢᠯᠡᠭᠦᠯᠪᠡ᠃



     ᠯᠢᠦ ᠬᠠᠶ ᠲᠦᠩ᠎ᠠᠴᠠ 《ᠪᠢᠳᠡ ᠬᠥᠯ ᠪᠥᠮᠪᠥᠭᠡ ᠵᠢᠨ ᠬᠢᠴᠢᠶᠡᠯ ᠥᠷᠨᠢᠭᠦᠯᠬᠦ᠎ᠳᠡᠭᠡᠨ ᠰᠤᠷᠤᠭᠴᠢᠳ᠎ᠤᠨ ᠪᠡᠶ᠎ᠡ ᠮᠠᠬᠠᠪᠣᠳ᠎ᠤᠨ ᠬᠡᠪ ᠴᠢᠨᠠᠷ᠎ᠢ ᠳᠡᠭᠡᠭᠰᠢᠯᠡᠭᠦᠯᠬᠦ᠎ᠪᠠᠷ ᠪᠠᠷᠠᠬᠤ ᠥᠬᠡᠶ ᠨᠠᠩ ᠴᠤ᠌ ᠲᠡᠳᠡᠨ᠎ᠳᠤ ᠬᠥᠯ ᠪᠥᠮᠪᠥᠭᠡ ᠵᠢ ᠲᠠᠨᠢᠭᠤᠯᠵᠤ᠂ ᠳᠠᠯᠳᠠ ᠴᠢᠨᠠᠷ᠎ᠢ᠎ᠨᠢ ᠢᠯᠡᠷᠡᠭᠦᠯᠬᠦ ᠬᠡᠷᠡᠭᠲᠡᠶ᠃ ᠲᠤᠰ ᠰᠤᠷᠭ᠋ᠠᠭᠤᠯᠢ ᠵᠢᠨ ᠰᠤᠷᠤᠭᠴᠢᠳ ᠶᠡᠷᠦ᠎ᠠᠴᠠ ᠪᠦᠷᠢᠨ ᠪᠦᠲᠦᠨ ᠬᠥᠯ ᠪᠥᠮᠪᠥᠭᠡ ᠵᠢᠨ ᠬᠢᠴᠢᠶᠡᠯ᠎ᠲᠠᠢ ᠣᠶ᠋ᠢᠷᠠᠳᠴᠤ ᠥᠩᠭᠡᠷᠡᠭᠰᠡᠨ ᠦᠭᠡᠢ ᠵᠢ ᠮᠡᠳᠡᠭᠡᠳ᠂ ᠪᠢᠳᠡ ᠵᠠᠷᠢᠮ ᠬᠥᠯ ᠪᠥᠮᠪᠥᠭᠡ ᠵᠢᠨ ᠲᠥᠬᠥᠭᠡᠷᠦᠮᠵᠢ ᠪᠠ ᠲᠤᠰᠬᠠᠢ ᠮᠡᠷᠭᠡᠵᠢᠯ᠎ᠤᠨ ᠬᠥᠯ ᠪᠥᠮᠪᠥᠭᠡ ᠵᠢ ᠰᠤᠷᠭ᠋ᠠᠭᠤᠯᠢ᠎ᠳᠤ ᠬᠠᠨᠳᠢᠪᠯᠠᠵᠤ᠂ ᠰᠤᠷᠤᠭᠴᠢᠳ᠎ᠤᠨ ᠪᠡᠶ᠎ᠡ ᠮᠠᠬᠠᠪᠣᠳ᠎ᠤᠨ ᠬᠡᠪ ᠴᠢᠨᠠᠷ᠎ᠢ ᠳᠡᠭᠡᠭᠰᠢᠯᠡᠭᠦᠯᠬᠦ ᠵᠢ ᠬᠦᠰᠡᠪᠡ  》 ᠭᠡᠵᠡᠢ᠃


ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
2021 ᠣᠨ᠎ᠤ ᠮᠠᠨ᠎ᠤ ᠣᠷᠣᠨ᠎ᠤ ᠡᠩ᠎ᠤᠨ ᠶᠡᠭᠡ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭ᠋ᠠᠯᠲᠠ 6 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ ᠡᠬᠢᠯᠡᠨ᠎ᠡ
ᠪᠦᠬᠦ ᠠᠷᠠᠳ ᠢᠷᠭᠡᠳ᠎ᠲᠤ ᠲᠠᠷᠢᠯᠭ᠎ᠠ ᠬᠢᠵᠦ ᠬᠠᠮᠤᠭ᠎ᠤᠨ ᠶᠡᠭᠡ ᠡᠭᠡᠯᠢᠯᠡᠭᠡ ᠵᠢᠨ ᠬᠠᠯᠬᠠᠪᠴᠢ ᠵᠢ ᠪᠠᠶ᠋ᠢᠭᠤᠯᠤᠨ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠮᠪᠠᠯᠲᠠ ᠵᠢᠨ ᠠᠪᠤᠷᠠᠭᠴᠢ ᠵᠢᠨ ᠤᠯᠤᠰ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠬᠥᠬᠡᠬᠣᠲᠠ᠎ᠳᠤ ᠶᠠᠪᠤᠭᠳᠠᠪᠠ
ᠮᠠᠨ᠎ᠤ ᠣᠷᠣᠨ᠎ᠤ ᠫᠤᠤᠳᠠᠯᠭ᠎ᠠ ᠵᠢᠨ ᠲᠠᠮᠢᠷᠴᠢᠨ ᠴᠧᠨ ᠳ᠋ᠦᠩ ᠴᠢ ᠲᠣᠣᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠣᠷᠣᠯᠴᠠᠬᠤ ᠬᠢᠷᠢ ᠬᠡᠮ᠎ᠲᠠᠢ ᠪᠤᠯᠪᠠ
ᠪᠥᠬᠥ ᠣᠷᠣᠨ᠎ᠤ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠵᠠᠬᠢᠷᠤᠯ᠎ᠤᠨ ᠪᠣᠯᠪᠠᠰᠤᠷᠠᠯ᠎ᠤᠨ ᠠᠩᠭᠢ (ᠣᠨᠣᠯ᠎ᠤᠨ ᠬᠢᠴᠢᠶᠡᠯ) ᠪᠠᠶᠠᠨᠨᠠᠭᠤᠷ ᠬᠣᠲᠠ᠎ᠳᠤ ᠬᠢᠴᠢᠶᠡᠯ ᠡᠬᠢᠯᠡᠪᠡ
 
            