ᠬᠢᠵᠢᠭ᠎ᠤᠨ ᠪᠠᠶ᠋ᠢᠳᠠᠯ ᠳᠠᠬᠢᠨ ᠬᠡᠴᠡᠭᠦᠳᠡᠵᠦ᠂ ᠸᠢᠷᠦ᠋ᠰ ᠣᠨᠳᠣᠤᠰᠢᠵᠤ᠂ ᠵᠠᠭᠤᠨ ᠵᠢᠯ᠎ᠳᠤ ᠲᠣᠬᠢᠶᠠᠯᠳᠤᠭ᠎ᠠ ᠥᠬᠡᠶ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ ᠮᠥᠨ ᠬᠦ᠌ ᠪᠥᠬᠦ ᠳᠡᠯᠡᠬᠡᠶ᠎ᠳᠤ ᠶᠡᠭᠡ᠎ᠪᠠᠷ ᠳᠡᠯᠭᠡᠷᠡᠵᠦ ᠪᠠᠶ᠋ᠢᠨ᠎ᠠ᠃
ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠲᠣᠭᠲᠠᠴᠠ ᠵᠢᠨ ᠬᠠᠮᠤᠭ᠎ᠤᠨ ᠰᠢᠨ᠎ᠡ ᠮᠡᠳᠡᠭᠡ᠎ᠳᠤ ᠬᠠᠷᠠᠭᠤᠯᠤᠬᠰᠠᠨ ᠵᠶ᠋ᠠᠷ᠂ ᠳᠤᠮᠳᠠᠳᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠳ᠋ᠦᠩᠰᠢᠭᠤᠷ ᠭᠠᠷᠤᠶ ᠳᠠᠷᠢᠭᠤᠯᠵᠤ᠂ ᠸᠠᠺᠼᠢᠨ᠎ᠨᠢ ᠠᠮᠤᠷ ᠲᠦᠪᠰᠢᠨ ᠪᠥᠭᠡᠳ ᠪᠦᠲᠦᠮᠵᠢᠲᠡᠶ ᠪᠠᠶ᠋ᠢᠵᠤ᠂ ᠵᠠᠯᠭ᠋ᠠᠭ᠋ᠠᠳ ᠤᠯᠤᠰ ᠠᠷᠠᠳ᠎ᠤᠨ ᠪᠥᠬᠦ ᠬᠥᠮᠦᠰ᠎ᠲᠤ ᠰᠦᠢ᠍ᠳᠭᠡᠯ ᠬᠤᠷᠢᠶᠠᠬᠤ ᠥᠬᠡᠶ᠎ᠪᠠᠷ ᠳᠠᠷᠢᠬᠤ ᠵᠢ ᠲᠦᠷᠭᠡᠳᠬᠡᠨ ᠠᠬᠢᠭᠤᠯᠬᠤ ᠭᠡᠵᠤ ᠪᠤᠢ᠃
ᠠᠶᠤᠯ ᠲᠦᠭᠰᠢᠭᠦᠷᠢ ᠶᠡᠬᠡᠲᠡᠶ᠂ ᠭᠤᠤᠯᠳᠠᠯᠭ᠎ᠠ᠎ᠲᠠᠢ ᠬᠥᠮᠦᠰ᠎ᠠᠴᠠ ᠡᠩ᠎ᠤᠨ ᠬᠥᠮᠦᠰ ᠬᠦᠷᠲᠡᠯ᠎ᠡ᠂ ᠡᠨᠡ ᠪᠣᠯ ᠲᠡᠦᠬᠡᠨ ᠳᠡᠭᠡᠷᠡᠬᠢ ᠬᠠᠮᠤᠭ᠎ᠤᠨ ᠶᠡᠭᠡ ᠬᠡᠪᠴᠢᠶᠡᠨ᠎ᠤ ᠸᠠᠺᠼᠢᠨ᠎ᠤ ᠲᠠᠷᠢᠯᠭ᠎ᠠ ᠪᠣᠯᠤᠨ᠎ᠠ᠃
ᠦᠢ᠍ᠯᠡᠳᠴᠤ ᠨᠠᠶ᠋ᠢᠷᠠᠬᠤ ᠵᠢ ᠪᠦᠬᠦ ᠬᠦᠴᠦᠨ ᠵᠶ᠋ᠠᠷ ᠵᠶ᠋ᠠᠨ ᠨᠡᠮᠡᠭᠳᠡᠭᠦᠯᠦᠨ᠎ᠡ; ᠡᠮ ᠡᠮᠨᠡᠯᠭᠡ ᠡᠷᠡᠭᠦᠯ ᠬᠠᠮᠠᠭ᠋ᠠᠯᠠᠯ᠂ ᠵᠠᠮ ᠬᠠᠷᠢᠯᠴᠠᠭ᠎ᠠ᠂ ᠰᠤᠷᠭ᠋ᠠᠨ ᠬᠥᠮᠦᠵᠢᠯ ᠵᠡᠷᠭᠡ ᠭᠤᠤᠯᠳᠠᠯᠭ᠎ᠠ᠎ᠲᠠᠢ ᠠᠵᠢᠯ ᠲᠥᠷᠥᠯ᠎ᠤᠨ ᠬᠥᠮᠦᠰ᠎ᠲᠤ ᠲᠠᠷᠢᠯᠭ᠎ᠠ ᠬᠢᠬᠦ ᠵᠢ ᠬᠦᠴᠦᠨ ᠵᠶ᠋ᠠᠨ ᠲᠥᠪᠯᠡᠷᠡᠭᠦᠯᠦᠨ ᠠᠬᠢᠭᠤᠯᠤᠨ᠎ᠠ; 60 ᠨᠠᠰᠤᠨ᠎ᠠᠴᠠ ᠳᠡᠭᠡᠭᠰᠢᠬᠢ ᠬᠥᠮᠦᠰ᠎ᠲᠤ ᠲᠠᠷᠢᠯᠭ᠎ᠠ ᠬᠢᠬᠦ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠤᠨ᠎ᠠ; ᠸᠠᠺᠼᠢᠨ᠎ᠤ ᠲᠠᠷᠢᠯᠭ᠎ᠠ ᠵᠢᠨ ᠴᠡᠭᠡᠷ ᠪᠠ ᠠᠩᠬᠠᠷᠬᠤ ᠵᠦᠢ᠍ᠯ᠎ᠢ ᠰᠠᠶ᠋ᠢᠲᠤᠷ ᠡᠵᠡᠮᠳᠡᠨ᠎ᠠ; ᠰᠡᠵᠢᠭᠯᠡᠯᠲᠡᠶ ᠬᠡᠪ᠎ᠤᠨ ᠪᠤᠰᠤ ᠲᠤᠰᠬᠠᠯ᠎ᠤᠨ ᠬᠢᠨᠠᠨ ᠬᠡᠮᠵᠢᠯᠲᠡ ᠵᠢ ᠴᠢᠩᠭ᠋ᠠᠳᠬᠠᠨ᠎ᠠ ᠁
ᠸᠠᠺᠼᠢᠨ᠎ᠤ ᠲᠠᠷᠢᠯᠭ᠎ᠠ ᠬᠢᠯᠭᠡᠬᠦ ᠠᠵᠢᠯ ᠪᠠᠴᠢᠮ ᠪᠠᠶ᠋ᠢᠭ᠎ᠠ ᠤᠤ ᠦᠬᠡᠢ ᠤᠤ? 《ᠡᠭᠡᠯᠢᠯᠡᠭᠦ ᠴᠢᠳᠠᠪᠤᠷᠢ ᠡᠭᠦᠰᠬᠦ ᠦᠭᠡᠢ》᠎ᠠᠴᠠ ᠵᠠᠶ᠋ᠢᠯᠠᠰᠬᠢᠬᠦ ᠬᠡᠷᠡᠭᠲᠡᠶ
2021 ᠣᠨ᠎ᠤ 3 ᠰᠠᠷ᠎ᠠ ᠵᠢᠨ 22᠎ᠤᠨ ᠡᠳᠦᠷ᠎ᠤᠨ 24 ᠴᠠᠭ ᠪᠣᠯᠲᠠᠯ᠎ᠠ᠂ ᠮᠠᠨ᠎ᠤ ᠤᠯᠤᠰ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠨᠡᠶ᠋ᠢᠲᠡ 8046.3 ᠲᠦᠮᠡᠨ ᠤᠳᠠᠭ᠎ᠠ ᠳᠠᠷᠢᠵᠤ᠂ ᠳᠠᠷᠢᠭᠰᠠᠨ ᠬᠥᠮᠦᠨ᠎ᠤ ᠲᠤᠭ᠎ᠠ ᠲᠣᠭᠲᠠᠭᠤᠨ ᠵᠶ᠋ᠠᠷ ᠨᠡᠮᠡᠭᠳᠡᠪᠡ᠃
《ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠠᠷᠢᠯᠭ᠎ᠠ ᠬᠢᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠬᠤ ᠬᠡᠷᠡᠭᠲᠡᠶ》 ᠭᠡᠵᠦ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠲᠣᠭᠲᠠᠴᠠ ᠵᠢᠨ ᠸᠠᠺᠼᠢᠨ᠎ᠤ ᠲᠠᠷᠢᠯᠭ᠎ᠠ ᠵᠢᠨ ᠠᠵᠢᠯ᠎ᠢ ᠵᠣᠬᠢᠴᠠᠭᠤᠯᠬᠤ ᠳᠤᠭᠤᠶ᠋ᠢᠯᠠᠩ᠎ᠤᠨ ᠬᠠᠷᠢᠭᠤᠴᠠᠯᠭ᠋ᠠᠲᠠᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠷᠬᠢᠯᠡᠭᠴᠢ ᠮᠠ ᠰᠢᠶᠤᠤ ᠸᠧᠢ ᠬᠡᠯᠡᠪᠡ᠃
ᠲᠤᠰᠬᠠᠶ ᠮᠡᠷᠭᠡᠵᠢᠯᠲᠡᠨ᠎ᠤ ᠲᠠᠨᠢᠯᠴᠠᠭᠤᠯᠤᠭᠰᠠᠨ ᠵᠶ᠋ᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠮᠥᠨ ᠬᠦ᠌ ᠪᠦᠬᠦ ᠳᠡᠯᠡᠬᠡᠢ᠎ᠳᠤ ᠦᠷᠪᠢᠰᠦᠨ ᠳᠡᠯᠭᠡᠷᠡᠵᠦ᠂ ᠬᠠᠯᠳᠠᠪᠤᠷᠢᠯᠠᠯ᠎ᠤᠨ ᠡᠬᠢ ᠣᠷᠣᠵᠤ ᠢᠷᠡᠭᠰᠡᠨ᠎ᠠᠴᠠ ᠪᠣᠯᠵᠤ ᠬᠢᠵᠢᠭ᠎ᠤᠨ ᠪᠠᠶ᠋ᠢᠳᠠᠯ ᠤᠯᠤᠰ᠎ᠤᠨ ᠳᠣᠲᠣᠭ᠋ᠠᠳᠤ᠎ᠳᠤ ᠬᠡᠵᠢᠶ᠎ᠡ ᠴᠦ᠍ ᠦᠷᠪᠢᠰᠦᠨ ᠳᠡᠯᠭᠡᠷᠡᠵᠦ ᠮᠡᠳᠡᠨ᠎ᠡ᠂ ᠡᠶ᠋ᠢᠮᠦ᠎ᠠᠴᠠ ᠡᠷᠬᠡᠪᠰᠢ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠲᠠᠷᠢᠬᠤ᠎ᠪᠠᠷ ᠳᠠᠮᠵᠢᠨ᠂ ᠮᠠᠨ᠎ᠤ ᠤᠯᠤᠰ᠎ᠤᠨ ᠨᠡᠩ ᠣᠯᠠᠨ ᠬᠥᠮᠦᠰ᠎ᠲᠤ ᠡᠷᠲᠡᠬᠡᠨ ᠡᠭᠡᠯᠢᠯᠡᠬᠦ ᠴᠢᠳᠠᠪᠤᠷᠢ᠂ ᠬᠠᠮᠠᠭ᠋ᠠᠯᠠᠬᠤ ᠴᠢᠳᠠᠪᠤᠷᠢ ᠣᠯᠭᠤᠬᠤ ᠬᠡᠷᠡᠭᠲᠡᠶ᠃
ᠶᠠᠮᠠᠷ ᠶᠠᠮᠠᠷ ᠬᠥᠮᠦᠰ᠎ᠲᠤ ᠭᠤᠣᠯᠳᠠᠯᠭ᠎ᠠ᠎ᠲᠠᠢ ᠲᠠᠷᠢᠯᠭ᠎ᠠ ᠬᠢᠬᠦ ᠪᠤᠢ? ᠡᠮ ᠡᠮᠨᠡᠯᠭᠡ ᠡᠷᠡᠭᠦᠯ ᠬᠠᠮᠠᠭ᠋ᠠᠯᠠᠯ᠂ ᠵᠠᠮ ᠬᠠᠷᠢᠯᠴᠠᠭ᠎ᠠ᠂ ᠰᠤᠷᠭ᠋ᠠᠨ ᠬᠥᠮᠦᠵᠢᠯ ᠵᠡᠷᠭᠡ ᠠᠵᠢᠯ ᠲᠥᠷᠥᠯ᠎ᠤᠨ ᠬᠥᠮᠦᠰ᠎ᠲᠤ ᠲᠠᠷᠢᠯᠭ᠎ᠠ ᠬᠢᠬᠦ ᠵᠢ ᠠᠬᠢᠭᠤᠯᠤᠨ᠎ᠠ
ᠸᠠᠺᠼᠢᠨ᠎ᠤ ᠲᠠᠷᠢᠯᠭ᠎ᠠ ᠬᠢᠬᠦ ᠵᠢ ᠲᠦᠷᠭᠡᠳᠬᠡᠨ ᠠᠬᠢᠭᠤᠯᠬᠤ᠎ᠨᠢ ᠪᠦᠬᠦᠯᠢ ᠴᠣᠭᠴᠠ᠎ᠪᠠᠷ᠎ᠨᠢ ᠠᠬᠢᠭᠤᠯᠤᠭᠰᠠᠨ ᠰᠠᠭᠤᠷᠢᠨ ᠳᠡᠭᠡᠷ᠎ᠡ ᠭᠤᠤᠯᠳᠠᠯᠭ᠎ᠠ ᠵᠢ ᠳᠣᠪᠤᠶ᠋ᠢᠯᠭ᠋ᠠᠨ᠎ᠠ᠃
ᠰᠤᠷᠪᠤᠯᠵᠢᠯᠠᠭᠴᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠲᠤᠭᠳᠡᠴᠡ᠎ᠠᠴᠠ ᠣᠶ᠋ᠢᠯᠠᠭ᠋ᠠᠭᠰᠠᠨ ᠵᠶ᠋ᠠᠷ᠂ ᠮᠠᠨ᠎ᠤ ᠤᠯᠤᠰ ᠡᠮ ᠡᠮᠨᠡᠯᠭᠡ ᠡᠷᠡᠭᠦᠯ ᠬᠠᠮᠠᠭ᠋ᠠᠯᠠᠯ᠂ ᠵᠠᠮ ᠬᠠᠷᠢᠯᠴᠠᠭ᠎ᠠ᠂ ᠰᠤᠷᠭ᠋ᠠᠨ ᠬᠥᠮᠦᠵᠢᠯ ᠵᠡᠷᠭᠡ ᠭᠤᠤᠯᠳᠠᠯᠭ᠎ᠠ᠎ᠲᠠᠢ ᠠᠵᠢᠯ ᠲᠥᠷᠥᠯ᠎ᠤᠨ ᠬᠥᠮᠦᠰ᠎ᠲᠤ ᠲᠠᠷᠢᠯᠭ᠎ᠠ ᠬᠢᠬᠦ ᠵᠢ ᠬᠦᠴᠦ᠎ᠪᠠᠨ ᠲᠥᠪᠯᠡᠷᠡᠭᠦᠯᠦᠨ ᠠᠬᠢᠭᠤᠯᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠬᠡᠲᠦ ᠳᠡᠯᠭᠡᠭᠦᠷ᠂ ᠲᠣᠮᠣ ᠬᠡᠯᠪᠡᠷᠢ ᠵᠢᠨ ᠠᠵᠤ ᠠᠬᠤᠶ᠋ᠢᠯᠠᠯ᠂ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠶᠠᠪᠤᠳᠠᠯ᠎ᠤᠨ ᠠᠰᠠᠷ ᠵᠡᠷᠭᠡ ᠭᠤᠤᠯᠳᠠᠯᠭ᠎ᠠ᠎ᠲᠠᠢ ᠨᠢᠭᠡᠴᠢ ᠵᠢᠨ ᠬᠥᠮᠦᠰ᠎ᠲᠤ ᠲᠠᠷᠢᠯᠭ᠎ᠠ ᠬᠢᠬᠦ ᠵᠢ ᠠᠬᠢᠭᠤᠯᠬᠤ᠎ᠪᠠᠷ ᠪᠠᠶ᠋ᠢᠨ᠎ᠠ᠃
ᠬᠤᠯᠪᠣᠭᠳᠠᠯ ᠪᠥᠬᠦᠶ ᠬᠠᠷᠢᠭᠤᠴᠠᠯᠭ᠋ᠠᠲᠠᠨ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠵᠢᠯᠲᠠᠨ ᠨᠢᠭᠡᠳᠦᠭᠡᠷ ᠹᠷᠣᠨᠲ᠎ᠲᠤ ᠠᠵᠢᠯᠯᠠᠵᠤ ᠪᠠᠶ᠋ᠢᠭ᠎ᠠ᠎ᠨᠢ ᠲᠡᠷᠡ ᠴᠢᠭ ᠵᠶ᠋ᠠᠷ ᠵᠶ᠋ᠠᠨ ᠠᠶᠤᠯ ᠲᠦᠭᠰᠢᠭᠦᠷᠢ ᠶᠡᠬᠡᠲᠡᠶ ᠬᠥᠮᠦᠰ ᠮᠥᠨ ᠪᠣᠯᠬᠤᠷ ᠸᠠᠺᠼᠢᠨ᠎ᠤ ᠲᠠᠷᠢᠯᠭ᠎ᠠ ᠬᠢᠬᠦ᠎ᠨᠢ ᠮᠠᠰᠢ ᠴᠢᠩᠭ᠎ᠠ ᠵᠢᠱ᠌ᠢᠶ᠎ᠡ ᠦᠵᠡᠭᠦᠯᠬᠦ ᠦᠢ᠍ᠯᠡᠳᠦᠯ᠎ᠲᠠᠢ ᠶᠤᠮ ᠭᠡᠵᠤ ᠵᠢᠭ᠋ᠠᠵᠤ ᠭᠠᠷᠭ᠋ᠠᠪᠡ᠃
ᠭᠤᠣᠯᠳᠠᠯᠭ᠎ᠠ᠎ᠲᠠᠢ ᠭᠠᠵᠠᠷ ᠣᠷᠣᠨ᠎ᠢ ᠳᠤᠪᠤᠶ᠋ᠢᠯᠭ᠋ᠠᠵᠦ᠂ ᠬᠢᠵᠢᠭ᠎ᠤᠨ ᠪᠠᠶ᠋ᠢᠳᠠᠯ ᠡᠭᠦᠰᠬᠦ ᠲᠦᠭᠰᠢᠭᠦᠷᠢ ᠶᠡᠭᠡᠳᠡᠢ ᠳᠤᠮᠤ ᠳᠤᠮᠳᠠ ᠬᠤᠳᠠ᠂ ᠬᠢᠯᠢ ᠵᠢᠨ ᠪᠣᠭᠤᠮᠲᠠ ᠵᠢᠨ ᠬᠤᠳᠠ᠂ ᠬᠢᠯᠢ ᠬᠢᠵᠠᠭ᠋ᠠᠷ ᠣᠷᠣᠨ᠎ᠢ ᠤᠷᠢᠳ ᠵᠶ᠋ᠠᠷ ᠪᠠᠲᠤᠯᠠᠵᠤ᠂ ᠬᠥᠮᠦᠨ ᠬᠠᠷ᠎ᠠ ᠲᠥᠪᠯᠡᠷᠡᠭᠰᠡᠨ ᠮᠤᠵᠢ ᠵᠢᠨ ᠲᠥᠪ ᠬᠤᠳᠠ ᠵᠢ ᠪᠠᠲᠤᠯᠠᠬᠤ ᠬᠡᠷᠡᠭᠲᠡᠢ᠃ ᠭᠤᠣᠯᠳᠠᠯᠭ᠎ᠠ᠎ᠲᠠᠢ ᠬᠥᠮᠦᠰ᠎ᠢ ᠲᠣᠪᠤᠶ᠋ᠢᠯᠭ᠋ᠠᠨ᠂ ᠬᠢᠯᠢ ᠵᠢᠨ ᠰᠢᠶᠠᠨ (ᠬᠤᠲᠠ᠂ ᠲᠣᠭᠤᠷᠢᠭ)᠂ ᠭᠤᠣᠯᠳᠠᠯᠭ᠎ᠠ᠎ᠲᠠᠢ ᠪᠣᠭᠤᠮᠲᠠ ᠵᠢᠨ ᠭᠠᠵᠠᠷ ᠣᠷᠣᠨ᠎ᠤ ᠬᠥᠮᠦᠰ᠎ᠲᠤ ᠡᠩ ᠲᠡᠷᠢᠭᠦᠨ᠎ᠳᠤ ᠲᠠᠷᠢᠯᠭ᠎ᠠ ᠬᠢᠵᠤ᠂ ᠬᠥᠳᠡᠯᠮᠦᠷᠢ ᠨᠢᠭᠲᠠᠷᠬᠠᠰᠠᠨ ᠠᠵᠢᠯ ᠲᠥᠷᠥᠯ᠂ ᠶᠡᠭᠡ ᠳᠡᠭᠡᠳᠦ ᠰᠤᠷᠭ᠋ᠠᠭᠤᠯᠢ ᠵᠢᠨ ᠰᠤᠷᠤᠭᠴᠢ ᠪᠣᠯᠤᠨ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ ᠵᠡᠷᠭᠡ ᠬᠥᠮᠦᠰ᠎ᠢ ᠡᠩ ᠲᠡᠷᠢᠭᠦᠨ᠎ᠳᠤ ᠲᠣᠬᠢᠷᠠᠭᠤᠯᠬᠤ ᠬᠡᠷᠡᠭᠲᠡᠶ᠃
60 ᠨᠠᠰᠤᠨ᠎ᠠᠴᠠ ᠳᠡᠭᠡᠭᠰᠢᠬᠢ ᠬᠥᠮᠦᠰ᠎ᠢ ᠶᠠᠭ᠋ᠠᠬᠢᠬᠤ ᠪᠤᠢ? ᠲᠠᠷᠢᠯᠭ᠎ᠠ ᠬᠢᠬᠦ ᠵᠢ ᠯᠠᠪᠳᠠᠭᠤᠨ ᠵᠶ᠋ᠠᠷ ᠡᠮᠬᠢ ᠵᠢᠷᠤᠮ᠎ᠲᠠᠢ᠎ᠪᠠᠷ ᠠᠬᠢᠭᠤᠯᠤᠨ᠎ᠠ
ᠡᠷᠡᠭᠦᠯ ᠮᠡᠨᠳᠦ ᠵᠢᠨ ᠪᠠᠶ᠋ᠢᠳᠠᠯ ᠪᠠ ᠬᠠᠯᠳᠠᠪᠤᠷᠢᠯᠠᠭᠳᠠᠬᠤ ᠲᠦᠭᠰᠢᠭᠦᠷᠢ ᠵᠢ ᠭᠦᠢ᠍ᠴᠡᠳ ᠦᠨᠡᠯᠡᠨ ᠵᠢᠱ᠌ᠢᠭᠰᠡᠨ ᠤᠷᠢᠲᠠᠯ ᠳᠤᠤᠷ᠎ᠠ᠂ ᠬᠡᠰᠡᠭ ᠭᠠᠵᠠᠷ ᠣᠷᠣᠨ ᠨᠢᠭᠡᠨᠲᠡ 60 ᠨᠠᠰᠤᠨ᠎ᠠᠴᠠ ᠳᠡᠭᠡᠭᠰᠢᠬᠢ ᠪᠡᠶ᠎ᠡ ᠮᠠᠬᠠᠪᠣᠳ᠎ᠤᠨ ᠨᠥᠬᠦᠴᠡᠯ ᠵᠶ᠋ᠠᠷ ᠨᠡᠯᠢᠶᠡᠳ ᠰᠠᠶ᠋ᠢᠨ ᠨᠠᠰᠤᠲᠠᠶ᠋ᠢᠴᠤᠳ᠎ᠲᠤ ᠰᠢᠨ᠎ᠡ ᠲᠢᠲᠢᠮᠯᠢᠭ ᠠᠭᠤᠰᠬᠢᠨ ᠦᠷᠪᠢᠰᠤᠯ᠎ᠤᠨ ᠸᠠᠺᠼᠢᠨ ᠳᠠᠷᠢᠵᠤ ᠡᠬᠢᠯᠡᠪᠡ᠃
ᠰᠤᠷᠪᠤᠯᠵᠢᠯᠠᠭᠴᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠲᠣᠭᠲᠠᠴᠠ᠎ᠠᠴᠠ ᠤᠢ᠍ᠢ᠍ᠯᠠᠭ᠋ᠠᠭᠰᠠᠠ ᠵᠶ᠋ᠠᠷ᠂ ᠡᠮᠴᠢᠯᠡᠭᠡᠨ᠎ᠤ ᠲᠤᠷᠰᠢᠯᠲᠠ ᠭᠦᠢ᠍ᠴᠡᠳ᠂ ᠠᠮᠤᠷ ᠲᠦᠪᠰᠢᠨ᠂ ᠪᠦᠲᠦᠮᠵᠢᠲᠡᠢ ᠲᠤᠭ᠎ᠠ ᠪᠠᠷᠢᠮᠲᠠ ᠣᠯᠤᠭᠰᠠᠨ᠎ᠤ ᠲᠠᠷᠠᠭ᠎ᠠ᠂ ᠲᠠᠷᠠᠭ᠋ᠠᠴᠢ ᠵᠢᠨ ᠠᠯᠬᠤᠮ᠎ᠳᠤ ᠬᠡᠪᠴᠢᠶ᠎ᠡ᠎ᠪᠠᠨ ᠥᠷᠭᠡᠳᠬᠡᠵᠦ᠂ 60 ᠨᠠᠰᠤᠨ᠎ᠠᠴᠠ ᠳᠡᠭᠡᠭᠰᠢᠬᠢ ᠬᠥᠮᠦᠰ᠎ᠤᠨ ᠸᠠᠺᠼᠢᠨ᠎ᠤ ᠲᠠᠷᠢᠯᠭ᠎ᠠ ᠵᠢ ᠯᠠᠪᠳᠠᠭᠤᠨ ᠵᠶ᠋ᠠᠷ ᠡᠮᠬᠢ ᠵᠢᠷᠤᠮ᠎ᠲᠠᠢ᠎ᠪᠠᠷ ᠥᠷᠨᠢᠭᠦᠯᠵᠦ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠤᠳᠠᠭ᠋ᠠᠨ ᠴᠢᠨᠠᠷᠲᠠᠢ ᠡᠪᠡᠳᠴᠢᠲᠡᠨ᠎ᠳᠤ ᠲᠠᠷᠢᠯᠭ᠎ᠠ ᠬᠢᠬᠦ ᠵᠢᠯᠣᠭᠤᠳᠤᠮᠵᠢ ᠵᠢ ᠲᠣᠭᠲᠠᠭ᠋ᠠᠨ᠎ᠠ᠃
ᠲᠠᠷᠢᠯᠭ᠎ᠠ ᠬᠢᠬᠦ ᠴᠢᠳᠠᠪᠤᠷᠢ ᠵᠢ ᠬᠡᠷᠬᠢᠨ ᠳᠡᠭᠡᠭᠰᠢᠯᠡᠭᠦᠯᠬᠦ ᠪᠣᠶ? ᠲᠦᠷ ᠴᠠᠭ᠎ᠤᠨ ᠲᠠᠷᠢᠯᠭ᠎ᠠ ᠵᠢᠨ ᠴᠡᠭ᠂ ᠰᠢᠯᠵᠢᠮᠡᠯ ᠲᠠᠷᠢᠯᠭ᠎ᠠ ᠵᠢᠨ ᠴᠡᠭ᠎ᠢ ᠬᠠᠷᠢᠯᠴᠠᠨ ᠤᠶᠠᠯᠳᠤᠭᠤᠯᠤᠨᠡ
ᠪᠦᠬᠦ ᠠᠷᠠᠳ ᠢᠷᠭᠡᠳ᠎ᠲᠤ ᠰᠦᠢ᠍ᠳᠭᠡᠯ ᠬᠤᠷᠢᠶᠠᠬᠤ ᠥᠬᠡᠶ᠎ᠪᠠᠷ ᠲᠠᠷᠢᠯᠭ᠎ᠠ ᠬᠢᠬᠦ ᠵᠢ ᠲᠦᠷᠭᠡᠳᠬᠡᠨ ᠠᠬᠢᠭᠤᠯᠵᠤ᠂ ᠲᠠᠷᠢᠯᠭ᠎ᠠ ᠵᠢᠨ ᠴᠡᠭ᠎ᠢ ᠬᠦᠢ᠍ᠴᠡᠳ ᠪᠦᠭᠡᠳ ᠲᠦᠷᠭᠡᠬᠡᠨ ᠳᠣᠭᠢᠷᠠᠭᠤᠯᠵᠤ᠂ ᠠᠵᠢᠯᠲᠠᠨ᠎ᠢ ᠭᠦᠢ᠍ᠴᠡᠳ ᠳᠣᠭᠢᠷᠠᠭᠤᠯᠬᠤ᠎ᠨᠢ ᠵᠠᠩᠭᠢᠯᠠᠭ᠎ᠠ ᠪᠣᠯᠤᠨ᠎ᠠ᠃
ᠮᠠ ᠰᠢᠶᠤᠤ ᠸᠧᠶ᠂ ᠢᠷᠡᠭᠡᠳᠦᠶ᠎ᠳᠤ ᠣᠲᠣ ᠵᠢᠨ ᠪᠠᠶ᠋ᠢᠭ᠎ᠠ ᠲᠠᠷᠢᠯᠭ᠎ᠠ ᠬᠢᠬᠦ ᠴᠡᠭ᠎ᠤᠨ ᠳᠠᠯᠳᠠ ᠬᠦᠴᠦᠨ᠎ᠢ ᠭᠦᠢ᠍ᠴᠡᠳ ᠠᠭᠤᠳᠠᠯᠬᠤ ᠵᠢᠨ ᠬᠠᠮᠲᠤ ᠨᠥᠬᠦᠴᠡᠯ᠎ᠲᠠᠢ ᠬᠤᠶᠠᠳᠤᠭ᠋ᠠᠷ ᠳᠡᠰ᠎ᠤᠨ ᠡᠮᠨᠡᠯᠭᠡ ᠵᠢᠨ ᠬᠤᠷᠢᠶ᠎ᠠ᠎ᠳᠤ ᠲᠠᠷᠢᠯᠭ᠎ᠠ ᠬᠢᠬᠦ ᠴᠡᠭ᠎ᠢ ᠨᠠᠮᠠᠨ ᠲᠣᠬᠢᠷᠠᠭᠤᠯᠬᠤ ᠪᠥᠭᠡᠳ ᠬᠥᠮᠦᠨ ᠠᠮᠠ ᠲᠥᠪᠯᠡᠷᠡᠭᠰᠡᠨ ᠣᠷᠣᠨ ᠪᠦᠰᠡ ᠪᠤᠶᠤ ᠬᠠᠮᠲᠤ ᠨᠢᠭᠡᠴᠢ᠎ᠳᠤ ᠲᠦᠷ ᠴᠠᠭ᠎ᠤᠨ ᠲᠠᠷᠢᠯᠭ᠎ᠠ ᠬᠢᠬᠦ ᠴᠡᠭ᠂ ᠰᠢᠯᠵᠢᠮᠡᠯ ᠲᠠᠷᠢᠯᠭ᠎ᠠ ᠬᠢᠬᠦ ᠴᠡᠭ ᠭᠠᠷᠭ᠋ᠠᠵᠤ᠂ ᠸᠠᠺᠼᠢᠨ᠎ᠤ ᠲᠠᠷᠢᠯᠭ᠎ᠠ ᠬᠢᠬᠦ ᠠᠵᠢᠯ᠎ᠢ ᠰᠤᠷᠭ᠋ᠠᠭᠤᠯᠢ᠎ᠳᠤ ᠣᠷᠣᠭᠤᠯᠬᠤ᠂ ᠦᠢ᠍ᠯᠡᠳᠪᠦᠷᠢ᠎ᠳᠤ ᠣᠷᠣᠭᠤᠯᠬᠤ᠂ ᠪᠠᠷᠢᠯᠭ᠎ᠠ ᠵᠢᠨ ᠭᠠᠵᠠᠷ᠎ᠲᠤ ᠣᠷᠣᠭᠤᠯᠬᠤ᠂ ᠨᠡᠶ᠋ᠢᠭᠡᠮ ᠲᠣᠭᠤᠷᠢᠭ᠎ᠲᠤ ᠣᠷᠣᠭᠤᠯᠬᠤ ᠵᠢ ᠠᠬᠢᠭᠤᠯᠤᠨ᠎ᠠ ᠭᠡᠵᠤ ᠢᠯᠡᠳᠭᠡᠪᠡ᠃
ᠠᠮᠤᠷ ᠲᠦᠪᠰᠢᠨ᠎ᠤ ᠬᠤᠷᠢᠭ᠎ᠠ ᠱᠤᠭᠤᠮ᠎ᠢ ᠬᠡᠷᠬᠢᠨ ᠰᠠᠬᠢᠬᠤ ᠪᠤᠢ? ᠲᠠᠷᠢᠯᠭ᠎ᠠ ᠵᠢᠨ ᠴᠡᠭ᠎ᠲᠤ 《ᠳᠥᠷᠪᠡ ᠪᠠᠶ᠋ᠢᠬᠤ》 ᠵᠢ ᠪᠡᠶᠡᠯᠡᠭᠦᠯᠬᠦ ᠬᠡᠷᠡᠭᠲᠡᠢ
ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠲᠣᠭᠲᠠᠴᠠ ᠵᠢᠨ ᠱᠠᠭ᠋ᠠᠷᠳᠠᠯᠭ᠎ᠠ ᠵᠢ ᠦᠨᠳᠦᠰᠦᠯᠡᠵᠦ᠂ ᠮᠠᠨ᠎ᠤ ᠤᠯᠤᠰ ᠲᠠᠷᠢᠯᠭ᠎ᠠ ᠬᠢᠬᠦ ᠵᠢ ᠠᠬᠢᠭᠤᠯᠬᠤ ᠳᠠᠭᠠᠨ 《ᠳᠥᠷᠪᠡ ᠪᠠᠶ᠋ᠢᠬᠤ》 ᠵᠢ ᠪᠡᠶᠡᠯᠡᠭᠦᠯᠬᠦ ᠬᠡᠷᠡᠭᠲᠡᠶ — ᠴᠡᠭ᠎ᠲᠤ ᠰᠠᠭᠤᠭ᠎ᠠ ᠲᠦᠷᠭᠡᠨ ᠡᠮᠨᠡᠬᠦ ᠲᠦᠷᠭᠡᠨ ᠠᠪᠤᠷᠬᠠᠤ ᠠᠵᠢᠯᠲᠠᠨ᠎ᠲᠠᠢ ᠪᠠᠶ᠋ᠢᠬᠤ᠂ ᠲᠦᠷᠭᠡᠨ ᠠᠪᠤᠷᠬᠠᠤ ᠲᠤᠨᠤᠭ ᠲᠥᠬᠦᠭᠡᠷᠦᠮᠵᠢ ᠡᠮ᠎ᠤᠨ ᠵᠦᠢ᠍ᠯ᠎ᠲᠠᠢ ᠪᠠᠶ᠋ᠢᠬᠤ᠂ 120 ᠲᠦᠷᠭᠡᠨ ᠠᠪᠤᠷᠬᠠᠤ ᠲᠡᠷᠭᠡ ᠲᠤᠬᠠᠶ ᠵᠢᠨ ᠲᠠᠯᠠᠪᠤᠷ᠎ᠲᠤ ᠵᠢᠵᠢᠭᠦᠷᠯᠡᠨ ᠰᠠᠬᠢᠵᠤ ᠪᠠᠶ᠋ᠢᠬᠤ᠂ ᠬᠤᠶᠠᠳᠤᠭ᠋ᠠᠷ ᠳᠡᠰ᠎ᠠᠴᠠ ᠳᠡᠭᠡᠭᠰᠢᠬᠢ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶᠠᠨ᠎ᠤ ᠠᠪᠤᠷᠠᠨ ᠵᠠᠰᠠᠬᠤ ᠰᠠᠭ᠋ᠠᠳ ᠥᠬᠡᠶ ᠨᠡᠪᠲᠡᠷᠡᠬᠦ ᠵᠠᠮ᠎ᠲᠠᠢ ᠪᠠᠶ᠋ᠢᠬᠤ᠃ᠮᠠ ᠰᠢᠶᠤᠤ ᠸᠧᠶ᠂ ᠡᠮᠦᠨᠡᠬᠢ ᠬᠤᠭᠤᠴᠠᠭ᠋ᠠᠨ᠎ᠤ ᠪᠦᠲᠦᠮᠵᠢᠲᠡᠶ ᠠᠷᠭ᠎ᠠ ᠬᠢᠳᠡᠯ᠎ᠢ ᠦᠷᠭᠦᠯᠵᠢᠯᠡᠨ ᠬᠡᠷᠡᠭᠵᠢᠭᠦᠯᠵᠦ᠂ ᠬᠡᠪ᠎ᠤᠨ ᠪᠤᠰᠤ ᠰᠡᠵᠢᠭᠯᠡᠯᠲᠡᠶ ᠪᠠᠶ᠋ᠢᠳᠠᠯ᠎ᠤᠨ ᠬᠢᠨᠠᠨ ᠬᠡᠮᠵᠢᠯᠲᠡ ᠵᠢ ᠴᠢᠩᠭ᠋ᠠᠳᠬᠠᠨ᠂ ᠲᠠᠷᠢᠯᠭ᠎ᠠ ᠲᠠᠷᠢᠭᠰᠠᠳᠢ ᠮᠥᠷᠳᠡᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠮᠡᠳᠡᠭᠡ ᠵᠠᠩᠭᠢ ᠵᠢᠨ ᠮᠡᠳᠡᠭᠦᠯᠦᠯᠲᠡ ᠪᠠ ᠬᠠᠮᠢᠶᠠᠷᠤᠯᠲᠠ ᠵᠢ ᠰᠠᠶ᠋ᠢᠲᠤᠷ ᠬᠢᠬᠦ ᠬᠡᠷᠡᠭᠲᠡᠶ᠃ ᠣᠷᠦ᠋ᠢ᠍ᠲᠠᠵᠤ ᠡᠭᠦᠰᠦᠭᠰᠡᠨ ᠬᠦᠨᠳᠦ ᠨᠣᠴᠢᠲᠠᠶ ᠰᠡᠵᠢᠭᠯᠡᠯᠲᠡᠶ ᠬᠡᠪ᠎ᠤᠨ ᠪᠤᠰᠤ ᠲᠤᠰᠬᠠᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ ᠰᠢᠯᠵᠢᠭᠦᠯᠦᠨ ᠡᠮᠨᠡᠭᠦᠯᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠪᠥᠬᠦ ᠬᠦᠴᠦᠨ ᠵᠶ᠋ᠠᠷ ᠵᠶ᠋ᠠᠨ ᠠᠪᠤᠷᠠᠨ ᠡᠮᠨᠡᠬᠦ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠸᠠᠺᠼᠢᠨ᠎ᠤ ᠦᠢ᠍ᠯᠡᠳᠪᠦᠷᠢᠯᠡᠯ ᠳᠠᠭ᠋ᠠᠵᠤ ᠠᠮᠵᠢᠨ᠎ᠠ ᠤᠤ? ᠡᠳᠦᠷ᠎ᠤᠨ ᠭᠠᠷᠤᠯᠲᠠ 500 ᠲᠦᠮᠡ᠎ᠳᠤ ᠬᠦᠷᠴᠡᠢ
ᠮᠠᠨ᠎ᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠰᠤᠳᠤᠯᠤᠨ ᠨᠡᠭᠡᠭᠡᠬᠦ ᠪᠠ ᠦᠢ᠍ᠯᠡᠳᠪᠦᠷᠢᠯᠡᠬᠦ ᠠᠵᠢᠯ ᠴᠢᠬᠤᠯᠠ ᠠᠬᠢᠴᠠ᠎ᠲᠠᠢ ᠪᠣᠯᠪᠠ᠂ ᠣᠳᠣᠬᠠᠨ᠎ᠳᠤ ᠸᠠᠺᠼᠢᠨ᠎ᠤ ᠡᠳᠦᠷ᠎ᠤᠨ ᠭᠠᠷᠤᠯᠲᠠ 2 ᠰᠠᠷ᠎ᠠ ᠵᠢᠨ 1᠎ᠤ ᠡᠳᠦᠷ᠎ᠤᠨ 150 ᠲᠦᠮᠡᠨ ᠬᠤᠪᠢ᠎ᠠᠴᠠ ᠣᠲᠣ 500 ᠲᠦᠮᠡᠨ ᠬᠤᠪᠢ ᠪᠣᠯᠲᠠᠯ᠎ᠠ ᠳᠡᠭᠡᠭᠰᠢᠯᠡᠵᠦ᠂ ᠤᠯᠤᠰ᠎ᠤᠨ ᠳᠣᠲᠣᠭ᠋ᠠᠳᠤ᠎ᠳᠤ ᠨᠡᠶ᠋ᠢᠲᠡ 1 ᠳ᠋ᠦᠩᠰᠢᠭᠤᠷ ᠭᠠᠷᠤᠶ ᠤᠳᠠᠭ᠎ᠠ ᠬᠠᠩᠭ᠋ᠠᠵᠤ ᠪᠠᠶ᠋ᠢᠨ᠎ᠠ᠃
3 ᠰᠠᠷ᠎ᠠ ᠵᠢᠨ 20᠎ᠤ ᠡᠳᠦᠷ ᠪᠣᠯᠲᠠᠯ᠎ᠠ᠂ ᠤᠯᠤᠰ᠎ᠤᠨ ᠡᠮ᠎ᠤᠨ ᠵᠦᠩ ᠱᠧᠩ ᠪᠡᠭᠡᠵᠢᠩ᠎ᠳᠠᠬᠢ ᠺᠣᠮᠫᠠᠨᠢ᠂ ᠤᠯᠤᠰ᠎ᠤᠨ ᠡᠮ᠎ᠤᠨ ᠵᠦᠩ ᠱᠧᠩ ᠦᠬᠠᠨ᠎ᠳᠠᠬᠢ ᠺᠣᠮᠫᠠᠨᠢ᠂ ᠪᠡᠭᠡᠵᠢᠩ᠎ᠤᠨ ᠺᠧ ᠰᠢᠩ ᠵᠦᠩ ᠸᠧᠢ ᠺᠣᠮᠫᠠᠨᠢ᠂ ᠲᠢᠶᠠᠨᠵᠢᠨ᠎ᠤ ᠺᠠᠩ ᠰᠢ ᠨᠦᠸᠧ ᠺᠣᠮᠫᠠᠨᠢ ᠵᠡᠷᠭᠡ 4 ᠠᠵᠤ ᠠᠬᠤᠶ᠋ᠢᠯᠠᠯ᠎ᠤᠨ ᠸᠠᠺᠼᠢᠨ᠎ᠨᠢ ᠵᠥᠪᠰᠢᠶᠡᠷᠡᠯ ᠵᠶ᠋ᠠᠷ ᠨᠥᠬᠦᠴᠡᠯ ᠲᠠᠭ᠋ᠠᠯᠳᠤᠭᠤᠯᠤᠨ ᠵᠠᠬ᠎ᠠ ᠳᠡᠯᠭᠡᠭᠦᠷ᠎ᠲᠤ ᠭᠠᠷᠴᠤ᠂ ᠠᠨᠾᠦ᠋ᠢ ᠵᠢᠨ ᡁᠢ ᠹᠸᠢ ᠯᠦᠩ ᠺᠧ ᠮᠠ ᠺᠣᠮᠫᠠᠨᠢ ᠵᠢᠨ ᠸᠠᠺᠼᠢᠨ ᠪᠠᠴᠢᠮ ᠬᠡᠷᠡᠭᠯᠡᠬᠦ ᠵᠥᠪᠰᠢᠶᠡᠷᠡᠯ ᠣᠯᠵᠤ᠂ ᠮᠠᠨ᠎ᠤ ᠤᠯᠤᠰ ᠪᠦᠬᠦ ᠪᠥᠮᠪᠥᠷᠴᠡᠭ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠵᠠᠬ᠎ᠠ ᠳᠡᠯᠭᠡᠭᠦᠷ᠎ᠲᠤ ᠬᠠᠮᠤᠭ ᠤᠯᠠᠨ ᠭᠠᠷᠭ᠋ᠠᠭᠰᠠᠨ ᠤᠯᠤᠰ ᠪᠣᠯᠪᠠ᠃
ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠰᠠᠶ᠋ᠢᠳ ᠰᠢᠶᠤᠤ ᠶᠠ ᠴᠢᠩ᠂ ᠸᠠᠺᠼᠢᠨ᠎ᠤ ᠶᠠᠰᠤ ᠴᠢᠨᠠᠷ᠎ᠤᠨ ᠠᠮᠤᠷ ᠲᠦᠪᠰᠢᠨ ᠪᠣᠯ ᠢᠮᠠᠭᠲᠠ ᠲᠡᠷᠢᠭᠦᠨ ᠪᠠᠶ᠋ᠢᠷᠢᠨ᠎ᠳᠤ ᠪᠠᠶ᠋ᠢᠳᠠᠭ᠂ ᠲᠡᠭᠦᠨ᠎ᠢ ᠦᠢ᠍ᠯᠡᠳᠪᠦᠷᠢᠯᠡᠯ ᠬᠠᠩᠭ᠋ᠠᠯᠭ᠎ᠠ ᠵᠢᠨ ᠠᠵᠢᠯ᠎ᠤᠨ ᠲᠡᠷᠢᠭᠦᠨ ᠴᠢᠬᠤᠯᠠ ᠪᠠᠶ᠋ᠢᠷᠢᠨ᠎ᠳᠤ ᠲᠠᠯᠪᠢᠬᠤ ᠬᠡᠷᠡᠭᠲᠡᠶ᠃ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠶᠡᠭᠡ ᠬᠡᠪᠴᠢᠶ᠎ᠡ᠎ᠪᠠᠷ ᠲᠠᠷᠬᠠᠭ᠋ᠠᠨ ᠬᠡᠷᠡᠭᠯᠡᠬᠦ ᠪᠠᠶ᠋ᠢᠳᠠᠯ ᠳᠤᠤᠷᠠᠬᠢ ᠸᠠᠺᠼᠢᠨ᠎ᠤ ᠶᠠᠰᠤ ᠴᠢᠨᠠᠷ᠎ᠤᠨ ᠠᠮᠤᠷ ᠲᠦᠪᠰᠢᠨ ᠲᠤᠭᠲᠠᠭᠤᠨ ᠪᠠᠶ᠋ᠢᠬᠤ ᠵᠢ ᠪᠠᠲᠤᠯᠠᠬᠤ ᠬᠡᠷᠡᠭᠲᠡᠶ ᠭᠡᠵᠦ ᠢᠯᠡᠳᠭᠡᠪᠡ᠃
ᠣᠶ᠋ᠢᠯᠠᠭ᠋ᠠᠭᠰᠠᠨ ᠵᠶ᠋ᠠᠷ᠂ ᠳᠡᠭᠡᠷ᠎ᠡ ᠳᠤᠷᠠᠳᠤᠭᠰᠠᠨ ᠠᠵᠤ ᠠᠬᠤᠶ᠋ᠢᠯᠠᠯ ᠣᠳᠣᠬᠠᠨ᠎ᠳᠤ ᠴᠥᠮ ᠪᠦᠬᠦ ᠬᠦᠴᠦ᠎ᠪᠠᠷ ᠵᠶ᠋ᠠᠨ ᠵᠣᠬᠢᠶᠠᠨ ᠪᠠᠶ᠋ᠢᠭᠤᠯᠤᠨ ᠦᠢ᠍ᠯᠡᠳᠪᠦᠷᠢᠯᠡᠵᠦ ᠪᠠᠶ᠋ᠢᠬᠤ ᠮᠦᠷᠲᠡᠭᠡᠨ ᠪᠤᠰᠤᠳ ᠮᠡᠷᠭᠡᠵᠢᠯ᠎ᠤᠨ ᠱᠤᠭᠤᠮ᠎ᠤᠨ ᠸᠠᠺᠼᠢᠨ ᠴᠤ᠌ ᠰᠤᠳᠤᠯᠤᠨ ᠨᠡᠭᠡᠭᠡᠬᠦ ᠠᠬᠢᠴᠠ ᠵᠢ ᠳᠠᠭ᠋ᠠᠯᠳᠤᠨ ᠵᠠᠬ᠎ᠠ ᠳᠡᠯᠭᠡᠭᠦᠷ᠎ᠲᠤ ᠵᠠᠯᠭ᠋ᠠᠭ᠎ᠠ᠎ᠪᠠᠷ ᠭᠠᠷᠬᠤ ᠪᠣᠯᠤᠨ᠎ᠠ᠃ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠣᠷᠣᠨ ᠨᠤᠲᠤᠭ᠎ᠲᠠᠢ ᠬᠠᠮᠲᠤᠷᠠᠨ᠂ ᠬᠤᠯᠪᠣᠭᠳᠠᠯ ᠪᠦᠬᠦᠢ ᠠᠵᠤ ᠠᠬᠤᠶ᠋ᠢᠯᠠᠯ᠎ᠳᠤ ᠦᠢ᠍ᠯᠡᠴᠢᠯᠡᠭᠡ ᠪᠠᠲᠤᠯᠠᠭ᠎ᠠ ᠵᠢᠨ ᠳᠤᠭᠤᠶ᠋ᠢᠯᠠᠩ ᠲᠣᠮᠢᠯᠠᠵᠤ᠂ ᠭᠠᠷᠤᠯᠲᠠ᠎ᠪᠠᠨ ᠨᠡᠮᠡᠭᠳᠡᠭᠦᠯᠵᠦ ᠴᠢᠳᠠᠪᠤᠷᠢ᠎ᠪᠠᠨ ᠥᠷᠭᠡᠳᠬᠡᠬᠦ ᠲᠥᠰᠦᠯ ᠲᠣᠭᠲᠠᠭ᠋ᠠᠬᠤ ᠵᠢ ᠠᠬᠢᠭᠤᠯᠪᠠ᠃
(ᠰᠢᠨᠬᠤᠸᠠ ᠬᠤᠷᠢᠶᠠᠨ᠎ᠤ ᠪᠡᠬᠡᠵᠢᠩ᠎ᠤᠨ 3 ᠰᠠᠷ᠎ᠠ ᠵᠢᠨ 24᠎ᠤ ᠴᠠᠬᠢᠯᠭ᠋ᠠᠨ ᠮᠡᠳᠡᠭᠡ᠎ᠠᠴᠠ)