
3 ᠰᠠᠷ᠎ᠠ ᠵᠢᠨ 24᠎ᠤ ᠡᠳᠦᠷ᠎ᠠᠴᠠ 28᠎ᠤ ᠡᠳᠦᠷ ᠪᠣᠯᠲᠠᠯ᠎ᠠ᠂ 2021 ᠣᠨ᠎ᠤ ᠳᠤᠮᠳᠠᠳᠤ ᠤᠯᠤᠰ᠎ᠤᠨ ᠵᠠᠰᠠᠮᠠᠯ ᠵᠠᠮ᠎ᠤᠨ ᠳᠤᠭᠤᠶ ᠲᠡᠷᠭᠡᠨ᠎ᠤ ᠬᠣᠯᠪᠣᠭ᠋ᠠᠲᠤ ᠤᠷᠤᠯᠳᠤᠭ᠋ᠠᠨ (ᠨᠢᠭᠡᠳᠦᠭᠡᠷ ᠥᠷᠲᠡᠭᠡ) ᠵᠢᠴᠢ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠵᠠᠰᠠᠮᠠᠯ ᠵᠠᠮ᠎ᠤᠨ ᠳᠤᠭᠤᠶ ᠲᠡᠷᠭᠡᠨ᠎ᠤ ᠲᠥᠷᠥᠯ ᠵᠦᠢ᠍ᠯ᠎ᠤᠨ ᠨᠢᠭᠡᠳᠦᠭᠡᠷ ᠥᠷᠲᠡᠭᠡᠨ᠎ᠤ ᠬᠤᠪᠢ ᠬᠤᠷᠠᠮᠳᠤᠭᠤᠯᠬᠤ ᠤᠷᠤᠯᠳᠤᠭ᠋ᠠᠨ ᠾᠧᠨᠠᠨ ᠮᠤᠵᠢ ᠵᠢᠨ ᠯᠦᠸᠧᠶᠠᠩ ᠬᠣᠲᠠ᠎ᠳᠤ ᠶᠠᠪᠤᠭᠳᠠᠵᠤ᠂ ᠪᠥᠬᠥ ᠤᠯᠤᠰ᠎ᠤᠨ ᠡᠯ᠎ᠡ ᠮᠤᠵᠢ ᠣᠷᠣᠨ ᠬᠣᠲᠠ ᠵᠢᠨ 29 ᠲᠥᠯᠥᠭᠡᠯᠡᠭᠴᠢᠳ᠎ᠤᠨ ᠠᠩᠭᠢ ᠵᠢᠨ 334 ᠲᠠᠮᠢᠷᠴᠢᠨ ᠤᠷᠤᠯᠳᠤᠭ᠋ᠠᠨ᠎ᠳᠤ ᠣᠷᠣᠯᠴᠠᠪᠠ᠃
ᠮᠠᠨ᠎ᠤ ᠣᠷᠣᠨ ᠡᠷᠡᠭᠲᠡᠶ᠂ ᠡᠮᠡᠭᠲᠡᠶ ᠨᠡᠶ᠋ᠢᠲᠡ 13 ᠲᠠᠮᠢᠷᠴᠢᠨ ᠲᠣᠮᠢᠯᠠᠨ 8 ᠪᠠᠭ᠎ᠠ ᠲᠥᠷᠥᠯ᠎ᠤᠨ ᠤᠷᠤᠯᠳᠤᠭ᠋ᠠᠨ᠎ᠳᠤ ᠣᠷᠣᠯᠴᠠᠭᠤᠯᠵᠤ᠂ ᠢᠳᠡᠭᠡᠯ ᠡᠷᠡᠭᠲᠡᠶ ᠵᠢᠨ 40 ᠺᠢᠯᠣᠮᠧᠲᠷ᠎ᠤᠨ ᠬᠤᠪᠢ ᠬᠥᠮᠦᠨ᠎ᠤ ᠴᠠᠭ ᠲᠡᠮᠳᠡᠭᠯᠡᠬᠦ ᠤᠷᠤᠯᠳᠤᠭ᠋ᠠᠨ᠎ᠤ ᠳᠥᠷᠪᠡᠳᠦᠭᠡᠷ᠎ᠲᠤ ᠣᠷᠣᠵᠤ᠂ ᠬᠤᠤ ᠷᠠᠨ ᠡᠷᠡᠭᠲᠡᠶ ᠵᠢᠨ 40 ᠺᠢᠯᠣᠮᠧᠲᠷ᠎ᠤᠨ ᠬᠤᠪᠢ ᠬᠥᠮᠦᠨ᠎ᠤ ᠴᠠᠭ ᠲᠡᠮᠳᠡᠭᠯᠡᠬᠦ ᠤᠷᠤᠯᠳᠤᠭ᠋ᠠᠨ᠎ᠤ ᠲᠠᠪᠤᠳᠤᠭ᠋ᠠᠷ᠎ᠲᠤ ᠣᠷᠣᠵᠠᠶ᠃