ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠮᠠᠨ᠎ᠤ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠲᠠᠷᠢᠬᠤ ᠠᠵᠢᠯ ᠡᠮᠬᠢ ᠵᠢᠷᠤᠮ᠎ᠲᠠᠢ ᠠᠭᠢᠵᠤ ᠪᠠᠶ᠋ᠢᠨ᠎ᠠ
ᠨᠡᠶ᠋ᠢᠲᠡᠯᠡᠭᠰᠡᠨ ᠴᠠᠭ᠄ 2021-04-01

    ᠮᠠᠨ᠎ᠤ ᠣᠷᠣᠨ 2020 ᠣᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ ᠭᠤᠤᠯᠳᠠᠯᠭ᠎ᠠ᠎ᠲᠠᠢ ᠬᠥᠮᠦᠰ᠎ᠲᠤ ᠨᠢᠭᠡᠳᠦᠭᠡᠷ   ᠱᠠᠲᠤᠨ ᠎ᠤ   ᠰᠢᠨ᠎ᠡ   ᠲᠢᠲᠢᠮᠯᠢᠭ   ᠸᠢᠷᠦ᠋ᠰ ᠎ᠤᠨ   ᠸᠠᠺᠼᠢᠨ   ᠲᠠᠷᠢᠬᠤ   ᠠᠵᠢᠯ ᠎ᠢ   ᠡᠬᠢᠯᠡᠭᠦᠯᠦᠭᠰᠡᠨ᠎ᠠᠴᠠ ᠨᠠᠭ᠋ᠠᠰᠢ᠂ ᠡᠯ᠎ᠡ ᠵᠦᠢ᠍ᠯ᠎ᠤᠨ ᠠᠵᠢᠯ ᠤᠷᠤᠭᠰᠢᠲᠠᠶ ᠶᠠᠪᠤᠭᠳᠠᠭᠰᠠᠭ᠋ᠠᠷ ᠪᠠᠶ᠋ᠢᠨ᠎ᠠ᠃ ᠣᠳᠣᠬᠠᠨ᠎ᠳᠤ᠂ ᠭᠤᠤᠯᠳᠠᠯᠭ᠎ᠠ᠎ᠲᠠᠢ ᠬᠥᠮᠦᠰ᠎ᠲᠤ ᠲᠠᠷᠢᠯᠭ᠎ᠠ ᠲᠠᠷᠢᠬᠤ ᠠᠵᠢᠯ ᠳᠠᠭᠤᠰᠬᠤ ᠰᠢᠬᠠᠵᠤ᠂ 18 ᠨᠠᠰᠤᠨ᠎ᠠᠴᠠ ᠳᠡᠭᠡᠭᠰᠢᠬᠢ ᠬᠥᠮᠦᠰ᠎ᠲᠤ ᠲᠠᠷᠢᠯᠭ᠎ᠠ ᠲᠠᠷᠢᠬᠤ ᠠᠵᠢᠯ ᠨᠢᠭᠡᠨᠲᠡ ᠡᠬᠢᠯᠡᠭᠰᠡᠨ ᠪᠠᠶ᠋ᠢᠨ᠎ᠠ᠃
    《ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠬᠠᠮᠤᠭ᠎ᠤᠨ ᠰᠢᠨ᠎ᠡ ᠲᠠᠷᠢᠯᠭ᠎ᠠ ᠵᠢᠨ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠮᠠᠨ᠎ᠤ ᠣᠷᠣᠨ ᠬᠤᠶᠠᠳᠤᠭ᠋ᠠᠷ ᠱᠠᠲᠤᠨ᠎ᠤ ᠲᠠᠷᠢᠯᠭ᠎ᠠ ᠵᠢᠨ ᠮᠤᠵᠢ ᠣᠷᠣᠨ ᠪᠣᠯᠤᠭᠰᠠᠨ᠎ᠤ ᠬᠤᠪᠢ᠎ᠳᠤ᠂ 5 ᠳ᠋ᠤᠭ᠋ᠠᠷ ᠰᠠᠷ᠎ᠠ᠎ᠳᠤ 18 ᠨᠠᠰᠤᠨ᠎ᠠᠴᠠ ᠳᠡᠭᠡᠭᠰᠢᠬᠢ ᠬᠠᠷᠠᠯᠲᠠᠲᠤ ᠬᠥᠮᠦᠰ᠎ᠲᠤ ᠲᠥᠪᠯᠡᠷᠡᠭᠦᠯᠦᠨ ᠲᠠᠷᠢᠯᠭ᠎ᠠ ᠲᠠᠷᠢᠬᠤ ᠱᠠᠲᠤᠨ᠎ᠳᠤ ᠣᠷᠣᠬᠤ ᠪᠣᠯᠤᠨ᠎ᠠ᠃》 ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠡᠪᠡᠳᠴᠢᠨ ᠡᠮᠭᠡᠭ᠎ᠢ ᠰᠡᠷᠭᠡᠶ᠋ᠢᠯᠡᠨ ᠬᠤᠷᠢᠭᠯᠠᠬᠤ ᠲᠥᠪ᠎ᠤᠨ ᠰᠦᠷᠢᠶ᠎ᠡ ᠡᠪᠡᠳᠴᠢᠨ᠎ᠢ ᠰᠡᠷᠭᠡᠶ᠋ᠢᠯᠡᠬᠦ ᠬᠤᠶᠠᠳᠤᠭ᠋ᠠᠷ ᠭᠠᠵᠠᠷ᠎ᠤᠨ ᠳᠡᠳ᠋ ᠳᠠᠷᠤᠭ᠎ᠠ ᠶᠠᠨ ᠱᠣᠤ ᠬᠤᠩ ᠲᠠᠨᠢᠯᠴᠠᠭᠤᠯᠬᠤ᠎ᠳᠤ᠎ᠪᠠᠨ᠂ ᠮᠠᠨ᠎ᠤ ᠣᠷᠣᠨ᠎ᠤ ᠬᠢᠯᠢ ᠵᠢᠨ ᠬᠤᠰᠢᠭᠤ ᠰᠢᠶᠠᠨ ᠨᠡᠯᠢᠶᠡᠳ ᠣᠯᠠᠨ᠂ ᠬᠢᠵᠢᠭ᠎ᠤᠨ ᠪᠠᠶ᠋ᠢᠳᠠᠯ ᠬᠠᠯᠳᠠᠪᠤᠷᠢᠯᠠᠨ ᠣᠷᠣᠵᠤ ᠢᠷᠡᠬᠦ ᠠᠶᠤᠯ ᠲᠦᠭᠰᠢᠭᠦᠷᠢ ᠣᠷᠣᠰᠢᠵᠤ ᠪᠠᠶ᠋ᠢᠬᠤ ᠵᠢ ᠪᠣᠳᠣᠯᠬᠢᠯᠠᠭ᠋ᠠᠳ᠂ ᠤᠯᠤᠰ᠎ᠠᠴᠠ ᠮᠠᠨ᠎ᠤ ᠣᠷᠣᠨ᠎ᠳᠤ ᠸᠠᠺᠼᠢᠨ ᠬᠠᠩᠭ᠋ᠠᠭᠰᠠᠨ ᠤᠷᠢᠲᠠᠯ ᠳᠣᠤᠷ᠎ᠠ᠂ 4 ᠳ᠋ᠦ᠍ᠭᠡᠷ ᠰᠠᠷ᠎ᠠ ᠎ᠳᠤ ᠬᠢᠯᠢ ᠵᠢᠨ ᠪᠣᠭᠤᠮᠲᠠ ᠵᠢᠨ 19 ᠬᠤᠰᠢᠭᠤ ᠰᠢᠶᠠᠨ ᠪᠣᠯᠤᠨ ᠣᠯᠠᠨ ᠤᠯᠤᠰ᠎ᠤᠨ ᠵᠢᠰᠢᠶᠠᠨ᠎ᠤ ᠨᠢᠰᠬᠡᠯ᠎ᠢ ᠰᠠᠯᠭ᠋ᠠᠨ ᠪᠠᠭᠤᠯᠭ᠋ᠠᠬᠤ ᠡᠭᠦᠷᠭᠡ᠎ᠲᠠᠢ ᠬᠥᠬᠡᠬᠤᠲᠠ ᠲᠣᠭᠤᠷᠢᠭ᠎ᠤᠨ ᠬᠠᠷᠠᠯᠲᠠᠲᠤ ᠬᠥᠮᠦᠰ᠎ᠲᠤ ᠲᠠᠷᠢᠯᠭ᠎ᠠ ᠳᠠᠷᠢᠬᠤ ᠠᠵᠢᠯ ᠥᠷᠨᠢᠭᠦᠯᠵᠦ᠂ ᠳᠡᠭᠡᠷ᠎ᠡ ᠳᠤᠷᠠᠳᠤᠭᠰᠠᠨ ᠭᠠᠵᠠᠷ ᠣᠷᠣᠨ᠎ᠤ 18 ᠨᠠᠰᠤᠨ᠎ᠠᠴᠠ ᠳᠡᠭᠡᠭᠰᠢᠬᠢ ᠬᠥᠮᠦᠰ᠎ᠤᠨ 《ᠲᠠᠷᠢᠬᠤ ᠶᠣᠰᠤᠲᠠᠢ ᠬᠦᠮᠦᠰ᠎ᠲᠤ ᠴᠥᠮ ᠲᠠᠷᠢᠬᠤ》 ᠵᠢ ᠪᠡᠶᠡᠯᠡᠭᠦᠯᠵᠦ᠂ ᠬᠢᠵᠢᠭ᠎ᠤᠨ ᠪᠠᠶ᠋ᠢᠳᠠᠯ ᠬᠠᠯᠳᠠᠪᠤᠷᠢᠯᠠᠨ ᠣᠷᠣᠵᠤ ᠢᠷᠡᠬᠦ ᠰᠡᠷᠭᠡᠶ᠋ᠢᠯᠡᠯᠲᠡ ᠵᠢᠨ ᠬᠡᠷᠡᠮ᠎ᠢ ᠠᠯᠢ ᠲᠦᠷᠭᠡᠨ ᠵᠶ᠋ᠠᠷ ᠪᠣᠶ ᠪᠣᠯᠭ᠋ᠠᠬᠤ᠎ᠪᠠᠷ ᠲᠥᠯᠥᠪᠯᠡᠵᠦ ᠪᠠᠶ᠋ᠢᠨ᠎ᠠ ᠭᠡᠵᠡᠶ᠃
    ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠵᠢᠨ ᠠᠵᠢᠯ᠎ᠢ ᠦᠨᠡᠨ ᠬᠦ᠌ ᠰᠠᠶ᠋ᠢᠲᠤᠷ ᠥᠷᠨᠢᠭᠦᠯᠬᠦ ᠵᠢᠨ ᠲᠤᠯᠠᠳᠠ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠲᠠᠷᠢᠬᠤ ᠠᠵᠢᠯ᠎ᠤᠨ ᠬᠡᠷᠡᠭᠵᠢᠭᠦᠯᠬᠦ ᠲᠥᠰᠦᠯ》᠎ᠢ ᠲᠤᠰᠬᠠᠶ᠋ᠢᠯᠠᠨ ᠳᠠᠷᠤᠮᠠᠯᠯᠠᠨ ᠲᠠᠷᠬᠠᠭ᠋ᠠᠳ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠲᠠᠷᠢᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠳᠣᠤᠷ᠎ᠠ᠎ᠨᠢ ᠠᠯᠪᠠᠨ ᠬᠡᠷ ᠪᠠ 6 ᠲᠤᠰᠬᠠᠶ ᠳᠤᠭᠤᠶ᠋ᠢᠯᠠᠩ ᠭᠠᠷᠭ᠋ᠠᠨ᠂ ᠲᠣᠰ ᠲᠣᠰ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮ ᠡᠮᠨᠡᠯᠭᠡ ᠵᠢᠨ ᠳᠠᠭ᠋ᠠᠳᠬᠠᠯ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ᠂ ᠡᠳ᠋᠎ᠤᠨ ᠵᠠᠰᠠᠭ᠂ ᠭᠠᠳᠠᠭ᠋ᠠᠳᠤ ᠶᠠᠪᠤᠳᠠᠯ᠂ ᠤᠬᠠᠭᠤᠯᠭ᠎ᠠ ᠵᠡᠷᠭᠡ ᠰᠠᠯᠠᠭ᠎ᠠ ᠮᠥᠴᠢᠷ ᠲᠦᠷᠦᠭᠦᠯᠡᠨ ᠡᠯ᠎ᠡ ᠵᠦᠢ᠍ᠯ᠎ᠤᠨ ᠡᠭᠦᠷᠭᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠪᠠᠷ ᠪᠣᠯᠪᠠ᠃
    ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠪᠠᠰᠠ ᠡᠬᠡ ᠲᠠᠩᠰᠠ ᠵᠢᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠲᠠᠷᠢᠯᠭ᠎ᠠ ᠲᠠᠷᠢᠬᠤ ᠡᠯ᠎ᠡ ᠴᠡᠭ ᠎ᠤᠳ᠎ᠤᠨ ᠲᠣᠬᠢᠷᠠᠭᠤᠯᠤᠯᠲᠠ᠂ ᠲᠠᠷᠢᠯᠭ᠎ᠠ ᠲᠠᠷᠢᠬᠤ   ᠬᠥᠮᠦᠨ ᠎ᠤ   ᠲᠤᠭ᠎ᠠ᠂ ᠲᠠᠷᠢᠯᠭ᠎ᠠ   ᠲᠠᠷᠢᠬᠤ   ᠲᠥᠯᠥᠪᠯᠡᠭᠡ   ᠵᠡᠷᠭᠡ   ᠲᠤᠭ᠎ᠠ ᠪᠠᠷᠢᠮᠲᠠ ᠵᠢ ᠪᠦᠷᠢᠳᠬᠡᠪᠡ; ᠸᠠᠺᠼᠢᠨ᠎ᠤ ᠲᠣᠬᠢᠷᠠᠭᠤᠯᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠭᠠᠷᠠᠭ ᠪᠦᠷᠢ ᠡᠯ᠎ᠡ ᠭᠠᠵᠠᠷ᠎ᠤᠨ ᠸᠠᠺᠼᠢᠨ᠎ᠤ ᠬᠠᠩᠭ᠋ᠠᠯᠭ᠎ᠠ᠂ ᠲᠠᠷᠢᠯᠭ᠎ᠠ ᠲᠠᠷᠢᠭᠰᠠᠨ ᠬᠥᠮᠦᠨ᠎ᠤ ᠲᠤᠭ᠎ᠠ᠂ ᠡᠮ ᠡᠮᠨᠡᠯᠭᠡ ᠵᠢᠨ ᠠᠪᠤᠷᠠᠨ ᠵᠠᠰᠠᠯᠲᠠ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠬᠡᠮᠵᠢᠭᠰᠡᠨ ᠵᠡᠷᠭᠡ ᠪᠠᠶ᠋ᠢᠳᠠᠯ᠎ᠢ ᠪᠦᠷᠢᠳᠬᠡᠪᠡ; ᠬᠢᠨᠠᠨ ᠵᠢᠯᠣᠭᠤᠳᠴᠤ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠵᠤ᠂ ᠰᠢᠮᠳᠠᠭᠤᠯᠤᠨ ᠵᠢᠯᠣᠭᠤᠳᠬᠤ ᠮᠡᠳᠡᠭᠳᠡᠯ ᠪᠠᠭᠤᠯᠭ᠋ᠠᠭᠰᠠᠨ ᠪᠥᠭᠡᠳ ᠡᠯ᠎ᠡ ᠭᠠᠵᠠᠷ᠎ᠤᠨ ᠸᠠᠺᠼᠢᠨ᠎ᠤ ᠲᠠᠷᠢᠯᠭ᠎ᠠ ᠲᠠᠷᠢᠬᠤ ᠪᠡᠯᠡᠳᠬᠡᠯ ᠠᠵᠢᠯ᠎ᠤᠨ ᠪᠠᠶ᠋ᠢᠳᠠᠯ᠎ᠢ ᠬᠢᠨᠠᠨ ᠵᠢᠯᠤᠭᠤᠳᠤᠭᠰᠠᠨ ᠪᠠᠶ᠋ᠢᠨ᠎ᠠ᠃ ᠡᠮᠴᠢᠯᠡᠭᠡ᠎ᠪᠠᠷ ᠠᠪᠤᠷᠠᠨ ᠡᠮᠨᠡᠬᠦ ᠪᠠᠲᠤᠯᠠᠭ᠎ᠠ ᠵᠢ ᠴᠢᠩᠭ᠋ᠠᠳᠬᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ 《ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠲᠤᠰᠬᠠᠶ᠋ᠢᠯᠠᠨ ᠳᠠᠷᠤᠮᠠᠯᠯᠠᠨ ᠲᠠᠷᠬᠠᠭ᠋ᠠᠵᠤ᠂ ᠲᠠᠷᠢᠯᠭ᠎ᠠ ᠲᠠᠷᠢᠬᠤ᠎ᠳᠤ ᠣᠷᠤᠯᠴᠠᠬᠤ ᠡᠮᠴᠢ ᠰᠤᠪᠢᠯᠠᠭᠴᠢᠳ᠎ᠢ ᠪᠣᠯᠪᠠᠰᠤᠷᠠᠭᠤᠯᠵᠤ᠂ ᠬᠢᠷᠢ ᠲᠡᠩᠴᠡᠭᠰᠡᠨ᠎ᠤ ᠳᠠᠷᠠᠭ᠎ᠠ ᠰᠠᠶᠢ ᠠᠵᠢᠯ᠎ᠤᠨ ᠪᠠᠶ᠋ᠢᠷᠢ᠎ᠳᠤ ᠭᠠᠷᠭ᠋ᠠᠬᠤ ᠬᠡᠷᠡᠭᠲᠡᠢ᠂ ᠲᠠᠷᠢᠯᠭ᠎ᠠ ᠲᠠᠷᠢᠬᠤ ᠨᠢᠭᠡᠴᠢ᠎ᠨᠢ ᠰᠠᠭᠤᠭ᠎ᠠ ᠭᠠᠵᠠᠷ᠎ᠲᠤ ᠲᠦᠷᠭᠡᠨ ᠡᠮᠨᠡᠬᠦ ᠪᠠᠴᠢᠮ ᠠᠪᠤᠷᠠᠯᠳᠠ ᠬᠢᠬᠦ ᠠᠵᠢᠯᠲᠠᠳ᠎ᠲᠠᠢ ᠪᠠᠶ᠋ᠢᠬᠤ᠂ ᠲᠦᠷᠭᠡᠨ ᠠᠪᠤᠷᠠᠯᠳᠠ ᠬᠢᠬᠦ ᠲᠥᠬᠦᠭᠡᠷᠦᠮᠵᠢ ᠡᠮ᠎ᠤᠨ ᠵᠦᠢ᠍ᠯᠡᠰ᠎ᠲᠠᠢ ᠪᠠᠶ᠋ᠢᠬᠤ᠂ 120 ᠲᠦᠷᠭᠡᠨ ᠠᠪᠤᠷᠠᠯᠳᠠ ᠵᠢᠨ ᠲᠡᠷᠭᠡ ᠲᠤᠬᠠᠶ ᠵᠢᠨ ᠲᠠᠯᠠᠪᠤᠷ᠎ᠲᠤ ᠵᠢᠵᠢᠭᠦᠷᠯᠡᠵᠦ ᠪᠠᠶ᠋ᠢᠬᠤ ᠪᠠ ᠬᠤᠶᠠᠳᠤᠭ᠋ᠠᠷ ᠳᠡᠰ᠎ᠠᠴᠠ ᠳᠡᠭᠡᠭᠰᠢᠬᠢ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶᠠᠨ᠎ᠤ ᠠᠪᠤᠷᠠᠨ ᠡᠮᠴᠢᠯᠡᠬᠦ ᠰᠠᠭ᠋ᠠᠳ ᠥᠬᠡᠶ ᠨᠡᠪᠲᠡᠷᠡᠬᠦ ᠵᠠᠮ᠎ᠲᠠᠢ ᠪᠠᠶ᠋ᠢᠪᠠᠯ ᠰᠠᠶᠢ ᠲᠠᠷᠢᠯᠭ᠎ᠠ ᠳᠠᠷᠢᠵᠤ ᠪᠣᠯᠬᠤ ᠵᠠᠷᠴᠢᠮ ᠶᠣᠰᠣᠭ᠋ᠠᠷ᠂ ᠬᠡᠪ᠎ᠤᠨ ᠪᠤᠰᠤ ᠲᠤᠰᠬᠠᠯ᠎ᠢ ᠪᠠᠴᠢᠮ ᠠᠷᠭ᠋ᠠᠴᠠᠭ᠋ᠠᠵᠤ ᠠᠪᠤᠷᠠᠨ ᠵᠠᠰᠠᠬᠤ ᠪᠠᠲᠤᠯᠠᠭ᠎ᠠ ᠵᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃   ᠡᠭᠦᠨ᠎ᠠᠴᠠ ᠭᠠᠳᠠᠨ᠎ᠠ᠂ ᠡᠯ᠎ᠡ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠬᠢᠭᠡᠳ ᠤᠬᠠᠭᠤᠯᠬᠤ ᠰᠠᠯᠠᠭ᠎ᠠ ᠮᠥᠴᠢᠷ᠎ᠤᠳ ᠨᠢᠭᠲᠠ ᠬᠠᠮᠵᠢᠯᠴᠠᠵᠤ᠂ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠡᠯ᠎ᠡ ᠵᠦᠢ᠍ᠯ᠎ᠤᠨ ᠵᠠᠭᠤᠴᠢᠯᠠᠭᠤᠷ᠎ᠢ   ᠭᠦᠢ᠍ᠴᠡᠳ ᠠᠰᠢᠭᠯᠠᠨ᠂ ᠮᠡᠳᠡᠯᠭᠡ ᠵᠢᠨ ᠲᠠᠶ᠋ᠢᠯᠤᠮᠵᠢ ᠬᠢᠬᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠢᠬᠦ᠂ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠰᠡᠵᠢᠭ ᠠᠵᠢᠭ᠎ᠢ᠎ᠨᠢ ᠠᠯᠳᠠᠷᠠᠭ᠋ᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠡᠷᠡᠭᠦᠯ ᠮᠡᠨᠳᠦ ᠵᠢ ᠬᠠᠮᠠᠭ᠋ᠠᠯᠠᠬᠤ᠎ᠳᠤ ᠦᠵᠡᠭᠦᠯᠬᠦ ᠸᠠᠺᠼᠢᠨ᠎ᠤ ᠦᠢ᠍ᠯᠡᠳᠤᠯ᠎ᠢ ᠢᠳᠡᠪᠬᠢᠲᠡᠶ ᠤᠬᠠᠭᠤᠯᠵᠤ᠂ ᠸᠠᠺᠼᠢᠨ᠎ᠤ ᠠᠶᠤᠯ ᠥᠬᠡᠶ ᠴᠢᠨᠠᠷ ᠪᠠ ᠪᠦᠲᠦᠮᠵᠢᠲᠦ ᠴᠢᠨᠠᠷ᠎ᠢ ᠤᠬᠠᠭᠤᠯᠤᠨ᠂ ᠣᠯᠠᠨ ᠲᠦᠮᠡᠨ᠎ᠤ ᠸᠠᠺᠼᠢᠨ ᠲᠠᠷᠢᠭᠤᠯᠬᠤ ᠢᠲᠡᠭᠡᠯ ᠵᠣᠷᠢᠭ᠎ᠢ᠎ᠨᠢ ᠨᠡᠮᠡᠭᠳᠡᠭᠦᠯᠵᠦ᠂ ᠲᠠᠷᠢᠯᠭ᠎ᠠ ᠲᠠᠷᠢᠭᠤᠯᠬᠤ ᠬᠦᠰᠡᠯ ᠡᠷᠡᠮᠡᠯᠵᠡᠯ᠎ᠢ᠎ᠨᠢ ᠴᠢᠩᠭ᠋ᠠᠳᠬᠠᠵᠤ ᠪᠠᠶ᠋ᠢᠨ᠎ᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠡᠮᠡᠭᠲᠡᠶ ᠵᠢᠨ ᠪᠥᠬᠡ ᠵᠢᠨ ᠠᠩᠭᠢ ᠪᠣᠯᠤᠨ ᠭᠠᠳᠠᠷ ᠮᠤᠵᠢ ᠵᠢᠨ ᠲᠠᠮᠢᠷᠴᠢᠳ ᠰᠣᠯᠢᠯᠴᠠᠭ᠎ᠠ ᠪᠣᠯᠪᠠᠰᠤᠷᠠᠯ ᠬᠢᠪᠡ
ᠱ᠌ᠢ᠎ᠲᠠᠢ ᠹᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶᠠᠨ᠎ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠥᠪ᠎ᠤᠨ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠵᠥ ᠨᠠᠶ᠋ᠢᠳᠠᠪᠤᠷᠢᠵᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠣᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠳ᠎ᠤᠨ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠲᠥᠷᠥ ᠵᠢᠨ ᠪᠣᠳᠣᠯᠭ᠎ᠠ ᠵᠢᠨ ᠬᠠᠪᠰᠤᠷᠤᠨ ᠵᠢᠯᠣᠭᠣᠳᠬᠤ ᠪᠣᠯᠪᠠᠰᠤᠷᠠᠯ᠎ᠤᠨ ᠠᠩᠭᠢ ᠡᠷᠭᠢᠯᠡᠪᠡ
ᠳᠤᠮᠳᠠᠳᠤ ᠤᠯᠤᠰ᠎ᠤᠨ ᠵᠠᠰᠠᠮᠠᠯ ᠵᠠᠮ᠎ᠤᠨ ᠳᠤᠭᠤᠶ ᠲᠡᠷᠭᠡᠨ᠎ᠤ ᠬᠣᠯᠪᠣᠭ᠋ᠠᠲᠤ ᠤᠷᠤᠯᠳᠤᠭ᠋ᠠᠨ (ᠬᠣᠶᠠᠳᠤᠭ᠋ᠠᠷ ᠥᠷᠲᠡᠭᠡ)᠎ᠳᠤ ᠮᠠᠨ᠎ᠤ ᠣᠷᠣᠨ᠎ᠤ ᠲᠠᠮᠢᠷᠴᠢᠨ ᠬᠦᠷᠡᠯ ᠮᠧᠳᠠᠯ ᠠᠪᠤᠪᠠ
4 ᠰᠠᠷ᠎ᠠ᠎ᠠᠴᠠ ᠡᠬᠢᠯᠡᠨ ᠬᠡᠷᠡᠭᠵᠢᠭᠦᠯᠦᠭᠰᠡᠨ ᠰᠢᠨ᠎ᠡ ᠳᠦᠷᠢᠮ ᠲᠤᠬᠳᠠᠭ᠋ᠠᠯ᠎ᠤᠳ
 
            