ᠣᠶ᠋ᠢᠷ᠎ᠠ᠎ᠳᠤ᠂ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠠᠵᠢᠯ᠎ᠤᠨ ᠰᠠᠬᠢᠯᠭ᠎ᠠ ᠪᠠᠲᠤ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠠᠵᠢᠯ᠎ᠤᠨ ᠰᠤᠷᠲᠠᠯ ᠵᠶ᠋ᠠᠨ ᠰᠠᠶ᠋ᠢᠵᠢᠷᠠᠭᠤᠯᠵᠤ᠂ ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠦᠨᠡᠨᠴᠢ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠨᠠᠷᠢᠨ ᠨᠢᠮᠪᠠᠶ ᠪᠠᠶ᠋ᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠡᠶ᠎ᠡ ᠵᠢᠨ ᠲᠠᠮᠢᠷ᠎ᠤᠨ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠵᠠᠰᠠᠯᠲᠠ ᠵᠢᠨ ᠲᠤᠰᠬᠠᠶ ᠠᠵᠢᠯᠯᠠᠭ᠎ᠠ ᠵᠢ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢ᠍ᠯᠡᠰ ᠪᠤᠰᠬᠠᠬᠤ᠂ ᠲᠥᠪ ᠰᠤᠷᠲᠠᠯ᠎ᠢ ᠪᠠᠳᠠᠷᠠᠭᠤᠯᠬᠤ᠂ ᠪᠣᠳᠠᠲᠠᠶ ᠠᠵᠢᠯᠯᠠᠬᠤ ᠵᠢ ᠡᠷᠬᠢᠮᠯᠡᠬᠦ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠴᠢᠷᠮᠠᠶ᠋ᠢᠨ ᠪᠣᠶ ᠪᠣᠯᠭ᠋ᠠᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠪᠡᠶ᠎ᠡ ᠵᠢᠨ ᠲᠠᠮᠢᠷ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠡᠷᠭᠢᠯᠡᠪᠡ᠃
ᠨᠢᠭᠡ᠎ᠳᠤ᠂ ᠦᠨᠡᠨᠴᠢ ᠢᠲᠡᠭᠡᠮᠵᠢᠲᠡᠶ᠎ᠪᠠᠷ ᠵᠠᠰᠠᠬᠤ ᠠᠵᠢᠯ᠎ᠤᠨ ᠪᠠᠶ᠋ᠢᠭᠤᠯᠤᠯ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ 《ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠦᠨᠡᠨᠴᠢ ᠢᠲᠡᠭᠡᠮᠵᠢ ᠵᠢᠨ ᠵᠠᠰᠠᠯᠲᠠ ᠵᠢᠨ ᠲᠤᠰᠬᠠᠶ ᠠᠵᠢᠯᠯᠠᠭ᠎ᠠ ᠵᠢ ᠥᠷᠨᠢᠭᠦᠯᠬᠦ ᠠᠵᠢᠯ᠎ᠤᠨ ᠲᠥᠰᠦᠯ》᠎ᠢ ᠲᠣᠭᠲᠠᠭ᠋ᠠᠵᠤ᠂ ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠦᠨᠡᠨᠴᠢ ᠢᠲᠡᠭᠡᠮᠵᠢ ᠵᠢᠨ ᠵᠠᠰᠠᠯᠲᠠ ᠵᠢᠨ ᠲᠤᠰᠬᠠᠶ ᠠᠵᠢᠯᠯᠠᠭ᠎ᠠ ᠵᠢ ᠥᠷᠨᠢᠭᠦᠯᠬᠦ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠲᠣᠪᠴᠢᠶᠠᠨ ᠳᠠᠷᠤᠭ᠎ᠠ᠎ᠪᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠵᠤ᠂ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ ᠵᠶ᠋ᠠᠷ ᠳᠡᠳ᠋ ᠳᠤᠭᠤᠶ᠋ᠢᠯᠠᠩ᠎ᠤᠨ ᠳᠠᠷᠤᠭ᠎ᠠ ᠪᠣᠯᠭ᠋ᠠᠵᠤ᠂ ᠡᠯ᠎ᠡ ᠰᠠᠯᠠᠭ᠎ᠠ ᠲᠠᠰᠤᠭ᠂ ᠡᠯ᠎ᠡ ᠰᠢᠭᠤᠳ ᠬᠠᠷᠢᠶ᠎ᠠ ᠨᠢᠭᠡᠴᠡ ᠵᠢᠨ ᠬᠠᠷᠢᠭᠤᠴᠠᠯᠭ᠋ᠠᠲᠠᠨ ᠵᠶ᠋ᠠᠷ ᠪᠦᠷᠢᠯᠳᠦᠬᠦᠨ ᠪᠣᠯᠭ᠋ᠠᠵᠤ᠂ ᠦᠨᠡᠨᠴᠢ ᠢᠲᠡᠭᠡᠮᠵᠢ ᠵᠢᠨ ᠵᠠᠰᠠᠯᠲᠠ ᠵᠢᠨ ᠬᠠᠮᠢᠶ᠎ᠠ ᠪᠥᠬᠥᠶ ᠠᠵᠢᠯ᠎ᠤᠨ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠪᠠ ᠪᠣᠳᠠᠲᠠᠶ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠵᠢᠨ ᠬᠠᠮᠲᠤ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠰᠠᠯᠠᠭ᠎ᠠ ᠲᠠᠰᠤᠭ᠂ ᠡᠯ᠎ᠡ ᠰᠢᠭᠤᠳ ᠬᠠᠷᠢᠶ᠎ᠠ ᠨᠢᠭᠡᠴᠡ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠲᠠᠩᠰᠠ ᠡᠪᠬᠡᠮᠡᠯ᠎ᠢ ᠡᠮᠬᠢᠯᠡᠨ ᠳᠢᠭᠯᠡᠬᠦ᠂ ᠬᠢᠨᠠᠨ ᠬᠠᠷᠭᠤᠭᠤᠯᠬᠤ᠂ ᠲᠠᠩᠰᠠ ᠡᠪᠬᠡᠮᠡᠯ᠎ᠳᠤ ᠣᠷᠣᠭᠤᠯᠬᠤ ᠠᠵᠢᠯ᠎ᠢ ᠪᠥᠬᠥ ᠲᠠᠯ᠎ᠠ᠎ᠪᠠᠷ ᠰᠠᠶ᠋ᠢᠲᠤᠷ ᠬᠢᠨ᠎ᠠ᠃ ᠨᠢᠭᠡᠴᠢ ᠵᠢᠨ ᠳᠣᠲᠣᠭ᠋ᠠᠳᠤ ᠵᠢᠨ ᠡᠵᠡᠮᠳᠡᠯ᠎ᠤᠨ ᠲᠦᠷᠢᠮ᠎ᠢ ᠤᠯᠠᠮ ᠨᠢᠭᠡ ᠠᠯᠬᠤᠮ ᠵᠠᠰᠠᠨ ᠨᠠᠷᠢᠯᠢᠬ᠍ᠵᠢᠭᠤᠯᠵᠤ᠂ ᠳᠣᠲᠣᠭ᠋ᠠᠳᠤ ᠬᠠᠮᠢᠶᠠᠷᠤᠯᠲᠠ ᠵᠢ ᠳᠦᠷᠢᠮᠵᠢᠭᠦᠯᠬᠦ᠂ ᠴᠤᠪᠤᠷᠠᠯᠵᠢᠭᠤᠯᠬᠤ᠂ ᠵᠢᠷᠤᠮᠵᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠪᠥᠬᠥ ᠲᠠᠯ᠎ᠠ ᠵᠢᠨ ᠺᠠᠳ᠋ᠷ ᠠᠵᠢᠯᠲᠠᠨ ᠠᠵᠢᠯᠴᠢᠨ᠎ᠤ ᠵᠣᠬᠢᠶᠠᠨ ᠪᠠᠶ᠋ᠢᠭᠤᠯᠤᠯᠲᠠ ᠵᠢᠨ ᠦᠵᠡᠯᠲᠡ᠂ ᠰᠠᠬᠢᠯᠭ᠎ᠠ ᠪᠠᠲᠤ ᠵᠢᠨ ᠦᠵᠡᠯᠲᠡ ᠵᠢᠴᠢ ᠲᠦᠭᠰᠢᠭᠦᠷᠢ ᠵᠢ ᠰᠡᠷᠭᠡᠶ᠋ᠢᠯᠡᠬᠦ ᠤᠬᠠᠮᠰᠠᠷ᠎ᠢ ᠳᠡᠭᠡᠭᠰᠢᠯᠡᠭᠦᠯᠵᠦ᠂ ᠳᠣᠲᠣᠭ᠋ᠠᠳᠤ ᠡᠵᠡᠮᠳᠡᠯ᠎ᠤᠨ ᠠᠵᠢᠯ᠎ᠢ ᠰᠠᠶ᠋ᠢᠲᠤᠷ ᠬᠢᠬᠦ ᠭᠠᠳᠠᠭ᠋ᠠᠳᠤ ᠣᠷᠴᠢᠨ ᠨᠥᠬᠥᠴᠡᠯ ᠪᠠ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃
ᠬᠣᠶᠠᠷ᠎ᠲᠤ᠂ ᠦᠨᠡᠨᠴᠢ ᠢᠲᠡᠭᠡᠮᠵᠢ ᠳᠤᠲᠠᠭᠳᠠᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠢ ᠲᠥᠪᠯᠡᠷᠡᠭᠦᠯᠦᠨ ᠵᠠᠰᠠᠨ᠎ᠠ᠃ ᠪᠡᠶ᠎ᠡ ᠵᠢᠨ ᠲᠠᠮᠢᠷ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠤ ᠮᠡᠷᠭᠡᠵᠢᠯ᠎ᠤᠨ ᠴᠣᠯᠠ᠂ ᠵᠡᠷᠭᠡ ᠳᠡᠰ᠎ᠤᠨ ᠲᠠᠮᠢᠷᠴᠢᠨ᠎ᠤ ᠴᠣᠯᠠ᠂ ᠵᠡᠷᠭᠡ ᠳᠡᠰ᠎ᠤᠨ ᠬᠢᠨᠠᠭᠴᠢ ᠵᠢᠨ ᠴᠣᠯᠠ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠯᠣᠭᠣᠳᠣᠭᠴᠢ ᠵᠢᠨ ᠴᠣᠯᠠ ᠪᠠ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠡᠷᠭᠢᠯᠡᠬᠦ ᠵᠡᠷᠭᠡ ᠪᠡᠶ᠎ᠡ ᠵᠢᠨ ᠲᠠᠮᠢᠷ᠎ᠤᠨ ᠬᠠᠮᠢᠶ᠎ᠠ ᠪᠥᠬᠥᠶ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠠᠵᠢᠯ᠎ᠢ ᠴᠢᠩᠭ᠎ᠠ ᠴᠢᠩᠭ᠋ᠠᠳᠬᠠᠵᠤ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶ᠋ᠢᠬᠤ ᠵᠠᠷᠴᠢᠮ᠎ᠢ ᠵᠢᠷᠤᠮᠯᠠᠨ᠂ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ᠂ ᠲᠣᠳᠣᠷᠬᠠᠶ ᠬᠠᠷᠢᠭᠤᠴᠠᠯᠭ᠎ᠠ ᠵᠢᠨ ᠲᠦᠷᠢᠮ᠎ᠢ ᠪᠠᠶ᠋ᠢᠭᠤᠯᠵᠤ᠂ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠤᠨ᠂ ᠱᠠᠲᠤ ᠱᠠᠲᠤ᠎ᠪᠠᠷ ᠪᠣᠭᠣᠮᠲᠠ ᠠᠳᠬᠤᠨ᠎ᠠ᠃ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠬᠠᠭᠤᠷᠮᠠᠭ ᠪᠥᠮᠪᠥᠭᠡ ᠬᠠᠷ᠎ᠠ ᠬᠠᠷᠠᠭᠤᠯ᠂ ᠬᠥᠭᠡᠷᠦᠭᠦᠯᠬᠦ ᠡᠮ ᠬᠡᠷᠡᠭᠯᠡᠬᠦ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠳᠠᠯ ᠭᠠᠷᠬᠤ ᠵᠢ ᠡᠷᠡᠰ ᠬᠣᠷᠢᠭᠯᠠᠨ᠎ᠠ᠃ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠲᠤᠤᠷ ᠴᠢᠭ᠎ᠤᠨ ᠪᠣᠷᠣᠯᠠᠭᠤᠯᠤᠨ ᠬᠤᠳᠠᠯᠳᠤᠬᠤ ᠦᠢ᠍ᠯᠡ ᠠᠵᠢᠯᠯᠠᠭ᠎ᠠ ᠵᠢ ᠴᠢᠩᠭ᠎ᠠ ᠵᠢᠷᠤᠮᠵᠢᠭᠤᠯᠵᠤ᠂ ᠬᠠᠷ᠎ᠠ ᠥᠩᠭᠡᠲᠦ ᠰᠤᠭᠤᠯᠤᠭ᠎ᠠ᠎ᠳᠤ ᠴᠣᠬᠢᠯᠲᠠ ᠥᠭᠬᠦ ᠲᠤᠰᠬᠠᠶ ᠵᠦᠢ᠍ᠯ᠎ᠤᠨ ᠵᠠᠰᠠᠯᠲᠠ ᠵᠢᠨ ᠠᠵᠢᠯ᠎ᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃ ᠦᠨᠡᠨᠴᠢ ᠢᠲᠡᠭᠡᠮᠵᠢ ᠵᠢᠨ ᠵᠠᠰᠠᠯᠲᠠ ᠵᠢᠨ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠴᠢᠩᠭ᠎ᠠ ᠬᠡᠷᠡᠭᠵᠢᠭᠦᠯᠵᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠴᠢᠩᠭ᠎ᠠ ᠡᠵᠡᠮᠳᠡᠬᠦ ᠥᠬᠡᠶ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠦᠢ᠍ᠯᠨ ᠠᠵᠢᠯᠯᠠᠭ᠎ᠠ ᠣᠷᠣᠰᠢᠵᠤ ᠪᠠᠶ᠋ᠢᠬᠤ ᠵᠢ ᠣᠯᠵᠤ ᠮᠡᠳᠡᠪᠡᠯ᠂ ᠬᠠᠷᠢᠭᠤᠴᠠᠯᠭ᠎ᠠ ᠵᠢ ᠲᠤᠶ᠋ᠢᠯᠪᠤᠷᠢᠲᠠᠶ ᠨᠡᠬᠡᠮᠵᠢᠯᠡᠵᠦ᠂ ᠶᠠᠭ᠋ᠠᠬᠢᠭᠰᠠᠨ ᠴᠤ᠌ ᠢᠯᠳᠠᠷ ᠬᠠᠶᠠᠬᠤ ᠥᠬᠡᠶ᠂ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠭᠤᠷᠪᠠ᠎ᠳᠤ᠂ ᠦᠨᠡᠨᠴᠢ ᠢᠲᠡᠭᠡᠮᠵᠢᠲᠡᠶ᠎ᠪᠠᠷ ᠵᠠᠰᠠᠬᠤ ᠵᠢᠨ ᠤᠬᠠᠭᠤᠯᠭ᠎ᠠ ᠬᠥᠮᠦᠵᠢᠯ᠎ᠤᠨ ᠠᠵᠢᠯ᠎ᠢ ᠴᠢᠩᠭ᠋ᠠᠳᠬᠠᠬᠤ ᠬᠡᠷᠡᠭᠲᠡᠶ᠃ ᠬᠤᠷᠠᠯ ᠬᠤᠷᠠᠯᠳᠤᠭᠤᠯᠬᠤ᠂ ᠵᠣᠬᠢᠶᠠᠨ ᠪᠠᠶ᠋ᠢᠭᠤᠯᠤᠨ ᠰᠤᠷᠤᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠡᠶ᠋ᠢᠭᠡᠮ ᠵᠢᠷᠤᠮ᠎ᠤᠨ ᠭᠤᠤᠯᠯᠠᠬᠤ ᠥᠷᠲᠡᠭ᠎ᠤᠨ ᠦᠵᠡᠯᠲᠡ ᠵᠢ ᠪᠣᠶ ᠪᠣᠯᠭ᠋ᠠᠵᠤ᠂ ᠺᠠᠳ᠋ᠷ ᠠᠵᠢᠯᠲᠠᠨ ᠠᠵᠢᠯᠴᠢᠳ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ ᠪᠠᠶ᠋ᠢᠭ᠋ᠠᠳ ᠦᠨᠡᠨᠴᠢ ᠢᠲᠡᠭᠡᠮᠵᠢᠲᠡᠶ ᠲᠡᠷᠢᠭᠦᠨ᠎ᠤ ᠦᠢ᠍ᠯᠨ ᠠᠵᠢᠯᠯᠠᠭ᠎ᠠ ᠵᠢ ᠰᠤᠷᠤᠯᠴᠠᠭᠤᠯᠵᠤ᠂ ᠤᠬᠠᠮᠰᠠᠷ᠎ᠠᠴᠠ᠎ᠪᠠᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ᠎ᠲᠠᠢ ᠬᠠᠷᠢᠴᠠᠭᠤᠯᠵᠤ᠂ ᠦᠨᠡᠨᠴᠢ ᠢᠲᠡᠭᠡᠮᠵᠢᠲᠡᠶ ᠪᠠᠶ᠋ᠢᠬᠤ ᠰᠣᠶᠣᠯ᠎ᠢ ᠶᠡᠬᠡᠪᠡᠷ ᠪᠠᠳᠠᠷᠠᠭᠤᠯᠤᠨ᠂ ᠲᠦᠷᠢᠮ ᠲᠣᠭᠲᠠᠭ᠋ᠠᠯ᠎ᠤᠨ ᠬᠥᠮᠦᠵᠢᠯ ᠵᠢᠴᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢᠨ ᠬᠥᠮᠦᠵᠢᠯ᠎ᠢ ᠴᠥᠬᠥᠷᠡᠰᠢ ᠥᠬᠡᠶ ᠰᠠᠶ᠋ᠢᠲᠤᠷ ᠠᠳᠬᠤᠬᠤ ᠬᠡᠷᠡᠭᠲᠡᠶ᠃ ᠡᠭᠦᠨ᠎ᠤ ᠬᠠᠮᠲᠤ ᠲᠣᠪᠴᠢᠶᠠᠨ᠎ᠤ ᠪᠠᠶ᠋ᠢᠭᠤᠯᠭ᠎ᠠ ᠵᠢᠨ ᠡᠯ᠎ᠡ ᠰᠠᠯᠠᠭ᠎ᠠ ᠲᠠᠰᠤᠭ᠂ ᠡᠯ᠎ᠡ ᠰᠢᠭᠤᠳ ᠬᠠᠷᠢᠶ᠎ᠠ ᠨᠢᠭᠡᠴᠢ ᠵᠢ ᠵᠣᠬᠢᠶᠠᠨ ᠪᠠᠶ᠋ᠢᠭᠤᠯᠵᠤ ᠠᠯᠪᠠᠨ ᠰᠦᠯᠵᠢᠶ᠎ᠡ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ᠂ ᠡᠯᠭᠦᠭᠡ ᠪᠢᠴᠢᠭᠡᠰᠦ᠂ ᠤᠬᠠᠭᠤᠯᠭ᠎ᠠ ᠵᠢᠨ ᠲᠠᠯᠪᠢᠭᠤᠷ ᠵᠡᠷᠭᠡ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠤᠨ ᠦᠢ᠍ᠯᠡᠳᠣᠯ᠎ᠢ ᠭᠦᠢ᠍ᠴᠡᠳ ᠠᠰᠢᠭᠯᠠᠨ᠂ ᠺᠠᠳ᠋ᠷ ᠠᠵᠢᠯᠲᠠᠨ ᠠᠵᠢᠯᠴᠢᠨ᠎ᠤ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠵᠢ ᠴᠢᠩᠭ᠋ᠠᠳᠬᠠᠵᠤ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠤᠷᠤᠯᠳᠤᠭ᠋ᠠᠨ ᠡᠷᠭᠢᠯᠡᠬᠦ᠂ ᠪᠣᠯᠪᠠᠰᠤᠨ ᠲᠠᠯᠠᠪᠠᠶ ᠣᠷᠳᠣᠨ᠂ ᠪᠣᠯᠪᠠᠰᠤᠨ ᠦᠢ᠍ᠯᠡᠴᠢᠯᠡᠭᠡ ᠵᠡᠷᠭᠡ ᠣᠶᠤᠨ᠎ᠤ ᠪᠣᠯᠪᠠᠰᠤᠨ᠎ᠢ ᠡᠭᠦᠳᠦᠨ ᠪᠠᠶ᠋ᠢᠭᠤᠯᠬᠤ ᠠᠵᠢᠯᠯᠠᠭ᠎ᠠ᠎ᠳᠤ ᠲᠣᠭᠤᠰᠢᠯᠠᠭᠤᠯᠬᠤ ᠬᠡᠷᠡᠭᠲᠡᠶ᠃