ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠱ᠌ᠢ᠎ᠲᠠᠢ ᠹᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶᠠᠨ᠎ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠥᠪ᠎ᠤᠨ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠵᠥ ᠨᠠᠶ᠋ᠢᠳᠠᠪᠤᠷᠢᠵᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠣᠷᠠᠯᠳᠤᠭᠤᠯᠪᠠ
ᠨᠡᠶ᠋ᠢᠲᠡᠯᠡᠭᠰᠡᠨ ᠴᠠᠭ᠄ 2021-04-02

    3 ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠥᠪ᠎ᠤᠨ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠱ᠌ᠢ᠎ᠲᠠᠢ ᠹᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶᠠᠨ᠎ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠥᠪ᠎ᠤᠨ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠥ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠶᠢᠰᠦᠳᠦᠭᠡᠷ ᠤᠳᠠᠭ᠎ᠠ ᠵᠢᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠵᠤ᠂ ᠲᠥᠪ᠎ᠤᠨ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠪᠦᠬᠦ ᠤᠯᠤᠰ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠢ ᠳ᠋ᠦᠩᠨᠡᠵᠦ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠥ᠂ ᠬᠠᠮᠢᠶ᠎ᠠ ᠪᠦᠬᠦᠢ ᠠᠵᠢᠯ᠎ᠢ ᠰᠤᠳᠤᠯᠤᠨ ᠪᠠᠶ᠋ᠢᠷᠢᠯᠠᠭᠤᠯᠪᠠ᠃
    ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ᠎ᠪᠠᠨ ᠨᠢᠭᠡᠳᠬᠡᠵᠦ᠂ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠨ᠂ ᠲᠠᠪᠴᠠᠩᠳᠤ ᠠᠵᠤ ᠠᠬᠤᠢ ᠵᠢᠨ ᠡᠷᠡᠭᠦᠯ ᠵᠶ᠋ᠠᠷ ᠬᠥᠭᠵᠢᠬᠦ ᠪᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠬᠰᠢᠯᠠᠭᠤᠯᠤᠯᠳᠠ ᠵᠢ ᠤᠷᠬᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠭᠵᠢᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠲᠠᠪᠴᠠᠩᠳᠤ ᠠᠵᠤ ᠠᠬᠤᠢ ᠵᠢ ᠬᠥᠭᠵᠢᠭᠦᠯᠬᠦ ᠵᠢ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠴᠢᠬᠤᠯᠠ ᠭᠠᠷᠳᠠᠴᠠ ᠪᠣᠯᠭ᠋ᠠᠨ᠂ ᠤᠷᠢᠳᠴᠢᠯᠠᠨ ᠲᠥᠯᠥᠪᠵᠢᠭᠦᠯᠵᠦ᠂ ᠪᠣᠳᠠᠲᠠᠢ ᠵᠢ ᠡᠷᠬᠢᠮᠯᠡᠨ ᠠᠬᠢᠭᠤᠯᠵᠤ᠂ ᠲᠦᠷᠢᠮ ᠲᠣᠭᠲᠠᠭ᠋ᠠᠯ᠎ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠴᠢᠳᠠᠪᠤᠷᠢ ᠲᠦᠪᠰᠢᠨ ᠵᠶ᠋ᠠᠨ ᠳᠡᠭᠡᠭᠰᠢᠯᠡᠭᠦᠯᠤᠨ᠂ ᠲᠠᠪᠴᠠᠩᠳᠤ ᠠᠵᠤ ᠠᠬᠤᠢ ᠵᠢᠨ ᠳᠦᠷᠢᠮᠵᠢᠭᠦᠨ ᠡᠷᠡᠭᠦᠯ ᠵᠶ᠋ᠠᠷ ᠦᠷᠭᠦᠯᠵᠢᠯᠡᠨ ᠬᠥᠭᠵᠢᠬᠦ ᠵᠢ ᠠᠬᠢᠭᠤᠯᠵᠤ᠂ ᠦᠨᠡᠨ ᠬᠦ᠌ ᠲᠠᠪᠴᠠᠩᠳᠤ ᠠᠵᠤ ᠠᠬᠤᠢ᠎ᠪᠠᠷ 《ᠬᠦᠰᠢᠬᠦᠷᠭᠡ》 ᠪᠣᠯᠭ᠋ᠠᠨ ᠬᠥᠭᠵᠢᠯᠲᠡ ᠵᠢᠨ ᠰᠢᠨ᠎ᠡ ᠬᠥᠳᠡᠯᠭᠡᠭᠦᠷ᠎ᠢ ᠬᠦᠭᠵᠢᠭᠡᠨ᠂ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠤᠢ ᠪᠤᠯᠭ᠋ᠠᠬᠤ ᠬᠡᠷᠡᠭᠲᠡᠢ᠃ 《ᠲᠦᠷᠦ ᠭᠦᠷᠦᠨ᠎ᠤ ᠶᠡᠭᠡ ᠶᠠᠪᠤᠳᠠᠯ》᠎ᠤᠨ ᠦᠨᠳᠦᠷᠴᠡ᠎ᠠᠴᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠬᠰᠢᠯᠠᠭᠤᠯᠤᠯᠳᠠ ᠵᠢ ᠤᠷᠬᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠬ᠍ᠵᠢᠭᠤᠯᠬᠤ ᠠᠵᠢᠯ᠎ᠳᠤ ᠬᠠᠨᠳᠤᠵᠤ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠰᠢᠭᠤᠷᠬᠠᠢ᠂ ᠡᠷᠴᠢᠮᠳᠠᠢ ᠪᠥᠭᠡᠳ ᠪᠦᠲᠦᠮᠵᠢᠲᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠯᠡᠳᠡᠪᠤᠷᠢ ᠪᠠ ᠨᠡᠮᠡᠭᠳᠡᠯ᠎ᠢ ᠵᠡᠷᠭᠡ᠎ᠪᠠᠷ ᠠᠳᠬᠤᠬᠤ ᠵᠢ ᠪᠠᠷᠢᠮᠲᠠᠯᠠᠨ᠂ ᠴᠢᠯᠠᠭᠤᠵᠢᠮᠠᠯ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡ ᠵᠢ ᠴᠢᠩᠭ᠎ᠠ ᠬᠢᠵᠠᠭ᠋ᠠᠷᠯᠠᠵᠤ᠂ ᠴᠢᠯᠠᠭᠤᠵᠢᠮᠠᠯ ᠪᠤᠰᠤ ᠡᠨᠧᠷᠭᠢ ᠵᠢᠨ ᠰᠤᠷᠪᠤᠯᠵᠢ ᠵᠢ ᠲᠦᠷᠭᠡᠪᠴᠢᠯᠡᠨ ᠬᠥᠭᠵᠢᠭᠦᠯᠵᠦ᠂ ᠶᠡᠭᠡ ᠬᠦᠴᠦ ᠣᠷᠣᠭᠤᠯᠤᠨ ᠠᠵᠤ ᠦᠢ᠍ᠯᠡᠰ᠎ᠤᠨ ᠪᠦᠲᠦᠴᠡ ᠵᠢ ᠲᠤᠬᠢᠷᠠᠭᠤᠯᠤᠨ᠂ ᠠᠵᠤ ᠠᠬᠤᠢ ᠵᠢᠨ ᠬᠥᠭᠵᠢᠯᠲᠡ ᠵᠢᠨ ᠠᠷᠭ᠎ᠠ ᠬᠡᠯᠪᠡᠷᠢ ᠵᠢ ᠬᠤᠪᠢᠷᠠᠭᠤᠯᠵᠤ᠂ ᠡᠨᠧᠷᠭᠢ ᠵᠢᠨ ᠰᠤᠷᠪᠤᠯᠵᠢ ᠵᠢᠨ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠡᠨᠧᠷᠭᠢ ᠬᠡᠷᠡᠭᠯᠡᠬᠦ ᠠᠷᠭ᠎ᠠ ᠬᠡᠯᠪᠡᠷᠢ ᠪᠠ ᠪᠦᠲᠦᠴᠡ ᠵᠢ ᠤᠯᠠᠮ ᠴᠢᠨᠠᠬᠰᠢᠳᠠ ᠬᠤᠪᠢᠷᠠᠭᠤᠯᠤᠨ᠂ ᠡᠨᠡ ᠵᠢᠯ᠎ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠳᠠ ᠵᠢ ᠪᠠᠭ᠋ᠠᠰᠬᠠᠬᠤ ᠬᠠᠷᠠᠯᠲᠠ ᠡᠭᠦᠷᠭᠡ ᠵᠢ ᠪᠦᠬᠦ ᠬᠦᠴᠦᠨ ᠵᠶ᠋ᠠᠷ ᠵᠶ᠋ᠠᠨ ᠪᠡᠶᠡᠯᠡᠭᠦᠯᠵᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠬᠰᠢᠯᠠᠭᠤᠯᠳᠠ ᠵᠢ ᠤᠷᠬᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠬ᠍ᠵᠢᠭᠤᠯᠬᠤ ᠠᠵᠢᠯ᠎ᠤᠨ ᠰᠠᠶ᠋ᠢᠨ ᠡᠬᠢᠯᠡᠯᠳᠡ᠎ᠲᠠᠢ ᠪᠠᠶ᠋ᠢᠬᠤ ᠵᠢ ᠦᠨᠡᠨ ᠬᠦ᠌ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃
    ᠬᠤᠷᠠᠯ᠎ᠠᠴᠠ᠂ ᠲᠥᠪ᠎ᠤᠨ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠬᠤ ᠪᠣᠯ ᠡᠷᠬᠡᠪᠰᠢ ᠲᠡᠷᠡ ᠶᠤᠰᠤᠭ᠋ᠠᠷ᠎ᠨᠢ ᠰᠠᠶ᠋ᠢᠲᠤᠷ ᠪᠡᠶᠡᠯᠡᠭᠦᠯᠬᠦ ᠬᠡᠷᠡᠭᠳᠠᠢ ᠴᠢᠬᠤᠯᠠ ᠤᠯᠤᠰ ᠲᠥᠷᠥ ᠵᠢᠨ ᠡᠭᠦᠷᠭᠡ ᠮᠥᠨ᠂ ᠤᠯᠤᠰ ᠲᠥᠷᠥ ᠵᠢᠨ ᠲᠠᠯ᠎ᠠ᠎ᠠᠴᠠ ᠦᠵᠡᠬᠦ᠂ ᠤᠯᠤᠰ ᠲᠥᠷᠥ ᠵᠢᠨ ᠲᠠᠯ᠎ᠠ᠎ᠠᠴᠠ ᠭᠦᠢ᠍ᠴᠡᠳᠭᠡᠬᠦ ᠵᠢ ᠪᠠᠷᠢᠮᠲᠠᠯᠠᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠯ᠎ᠡ ᠵᠦᠢ᠍ᠯ᠎ᠤᠨ ᠠᠵᠢᠯ᠎ᠢ ᠨᠥᠬᠦᠴᠡᠯ ᠶᠠᠷᠢᠬᠤ ᠥᠬᠡᠶ᠂ ᠤᠴᠢᠷ ᠰᠢᠯᠲᠠᠭ᠋ᠠᠨ ᠶᠠᠷᠢᠬᠤ ᠥᠬᠡᠶ᠎ᠪᠠᠷ᠂ ᠲᠡᠷᠡ ᠶᠣᠰᠣᠭ᠋ᠠᠷ᠎ᠨᠢ ᠥᠨᠳᠥᠷ ᠪᠠᠷᠢᠮᠵᠢᠶ᠎ᠠ ᠥᠨᠳᠥᠷ ᠪᠦᠲᠦᠮᠵᠢᠲᠡᠶ ᠴᠢᠨᠠᠷ ᠰᠠᠶ᠋ᠢᠲᠠᠶ ᠬᠢᠬᠦ ᠬᠡᠷᠡᠭᠲᠡᠶ᠃ ᠡᠯ᠎ᠡ ᠲᠤᠰᠬᠠᠶ ᠴᠡᠭᠴᠡᠯᠡᠨ ᠰᠠᠶ᠋ᠢᠵᠢᠷᠠᠭᠤᠯᠬᠤ ᠳᠤᠭᠤᠶ᠋ᠢᠯᠠᠩ ᠪᠣᠯᠤᠨ ᠬᠠᠷᠢᠭᠤᠴᠠᠯᠭ᠋ᠠᠲᠤ ᠰᠠᠯᠠᠭ᠎ᠠ ᠮᠥᠴᠢᠷ᠎ᠤᠨ᠎ᠬᠢᠨ ᠴᠡᠭᠴᠡᠯᠡᠨ ᠰᠠᠶ᠋ᠢᠵᠢᠷᠠᠭᠤᠯᠬᠤ ᠲᠥᠰᠦᠯ ᠪᠣᠯᠤᠨ ᠡᠯ᠎ᠡ ᠲᠥᠷᠥᠯ᠎ᠤᠨ ᠨᠠᠷᠢᠨ ᠲᠠᠩᠰᠠ᠎ᠲᠠᠢ ᠨᠠᠷᠢᠨ ᠬᠢᠨᠠᠮᠠᠭ᠋ᠠᠶ ᠬᠠᠷᠭᠤᠭᠤᠯᠵᠤ᠂ ᠡᠭᠦᠷᠭᠡᠯᠡᠵᠦ ᠪᠠᠶ᠋ᠢᠭ᠎ᠠ ᠡᠭᠦᠷᠭᠡ᠎ᠳᠡᠭᠡᠨ ᠡᠬᠡ ᠳᠠᠩᠰᠠ ᠭᠠᠷᠭ᠋ᠠᠨ ᠬᠠᠮᠢᠶᠠᠷᠴᠤ᠂ ᠲᠣᠭᠲᠠᠭᠰᠠᠨ ᠬᠠᠷᠠᠯᠲᠠ ᠱᠠᠭ᠋ᠠᠷᠳᠠᠯᠭ᠎ᠠ ᠶᠣᠰᠣᠭ᠋ᠠᠷ ᠨᠢᠭᠡ ᠨᠢᠭᠡ ᠲᠥᠷᠥᠯ ᠵᠶ᠋ᠠᠷ ᠨᠢᠭᠳᠠ ᠠᠩᠬᠠᠷᠴᠤ ᠨᠠᠶ᠋ᠢᠳᠠᠪᠤᠷᠢᠵᠢᠭᠤᠯᠤᠨ ᠭᠦᠢ᠍ᠴᠡᠳᠭᠡᠵᠦ᠂ ᠠᠬᠢᠴᠠ᠎ᠨᠢ ᠤᠳᠠᠭ᠋ᠠᠨ ᠪᠠᠶ᠋ᠢᠭ᠎ᠠ ᠡᠭᠦᠷᠭᠡ᠎ᠳᠤ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ ᠱᠠᠯᠠᠪᠳᠠᠨ ᠴᠡᠭᠴᠡᠯᠡᠨ ᠰᠠᠶ᠋ᠢᠵᠢᠷᠠᠭᠤᠯᠵᠤ᠂ ᠲᠣᠭᠲᠠᠭᠰᠠᠨ ᠬᠤᠭᠤᠴᠠᠭ᠋ᠠᠨ᠎ᠳᠤ ᠲᠦᠢ᠍ᠯᠪᠤᠷᠢᠳᠠᠢ ᠴᠡᠭᠴᠡᠯᠡᠨ ᠰᠠᠶ᠋ᠢᠵᠢᠷᠠᠭᠤᠯᠬᠤ ᠵᠢ ᠪᠠᠲᠤᠯᠠᠬᠤ ᠬᠡᠷᠡᠭᠲᠡᠶ᠃ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠴᠡᠭᠴᠡᠯᠡᠨ ᠰᠠᠶ᠋ᠢᠵᠢᠷᠠᠭᠤᠯᠬᠤ ᠵᠢ ᠦᠨᠡᠨ ᠪᠣᠳᠠᠲᠠᠶ᠎ᠪᠠᠷ ᠠᠳᠬᠤᠵᠤ᠂ ᠡᠳᠦᠷ ᠲᠤᠲᠤᠮ᠎ᠤᠨ ᠠᠵᠢᠯ᠂ ᠲᠤᠬᠠᠶ᠋ᠢᠯᠠᠭᠰᠠᠨ ᠠᠵᠢᠯ ᠵᠶ᠋ᠠᠷ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠣᠷᠣᠯᠠᠭᠤᠯᠬᠤ ᠵᠢ ᠡᠷᠡᠰ ᠰᠡᠷᠭᠡᠶ᠋ᠢᠯᠡᠵᠤ᠂ ᠥᠩᠭᠡᠨ ᠲᠠᠯ᠎ᠠ᠎ᠳᠤ ᠴᠡᠭᠴᠡᠯᠡᠨ ᠰᠠᠶ᠋ᠢᠵᠢᠷᠠᠭᠤᠯᠬᠤ᠂ 《ᠴᠠᠭ᠋ᠠᠰᠤᠨ ᠳᠡᠭᠡᠷ᠎ᠡ ᠴᠡᠭᠴᠡᠯᠡᠨ ᠰᠠᠶ᠋ᠢᠵᠢᠷᠠᠭᠤᠯᠬᠤ》 ᠵᠢ ᠡᠷᠡᠰ ᠬᠤᠷᠢᠡᠡᠯᠠᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠬᠠᠨᠳᠤᠯᠭ᠋ᠠᠳᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃ ᠬᠤᠯᠪᠣᠭᠳᠠᠯ ᠪᠥᠬᠦᠶ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠳ ᠲᠦᠷᠦᠭᠦᠯᠡᠨ ᠬᠠᠷᠢᠭᠤᠴᠠᠵᠤ ᠪᠠᠶ᠋ᠢᠭ᠎ᠠ ᠲᠤᠰᠬᠠᠶ ᠴᠡᠭᠴᠡᠯᠡᠨ ᠰᠠᠶ᠋ᠢᠵᠢᠷᠠᠭᠤᠯᠬᠤ ᠡᠭᠦᠷᠭᠡ᠎ᠪᠠᠨ ᠨᠢᠭᠳᠠ ᠠᠩᠬᠠᠷᠴᠤ᠂ ᠨᠢᠭᠡᠳᠦᠯᠲᠡᠶ ᠲᠥᠯᠥᠪᠵᠢᠭᠦᠯᠦᠨ ᠵᠤᠬᠢᠴᠠᠭᠤᠯᠬᠤ᠎ᠪᠠᠨ ᠴᠢᠩᠭ᠋ᠠᠳᠬᠠᠨ᠂ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠵᠠᠢ᠃
    ᠬᠤᠷᠠᠯ᠎ᠠᠴᠠ᠂ ᠲᠥᠪ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠭᠤᠤᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠶ᠋ᠢᠩᠭᠤᠵᠢᠭᠤᠯᠤᠨ ᠰᠠᠶ᠋ᠢᠲᠤᠷ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠢ ᠬᠠᠮᠢᠶᠠᠷᠬᠤ ᠰᠦᠷ ᠬᠦᠴᠦᠳᠤ ᠪᠠᠶ᠋ᠢᠳᠠᠯ᠎ᠢ ᠦᠷᠭᠦᠯᠵᠢᠯᠡᠨ ᠪᠠᠳᠤᠯᠠᠵᠤ᠂ ᠭᠦᠨᠵᠡᠭᠡᠢ ᠴᠤᠬᠢᠯᠳᠠ ᠦᠭᠴᠤ ᠴᠡᠭᠴᠡᠯᠡᠨ ᠵᠠᠰᠠᠬᠤ ᠪᠠ ᠰᠢᠰᠲ᠋ᠧᠮ᠎ᠲᠠᠢ ᠵᠠᠰᠠᠬᠤ᠂ ᠬᠠᠤᠯᠢ ᠶᠣᠰᠣᠭ᠋ᠠᠷ ᠵᠠᠰᠠᠬᠤ᠂ ᠶᠡᠷᠦᠩᠬᠡᠶ᠋ᠢᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ᠎ᠪᠠᠷ ᠳᠠᠮᠵᠢᠨ᠂ ᠬᠠᠷ᠎ᠠ ᠪᠦᠯᠦᠭᠲᠡᠨ ᠬᠠᠷᠭᠢᠰ ᠬᠦᠴᠦᠨ᠎ᠤ ᠣᠷᠣᠰᠢᠨ ᠲᠣᠭᠲᠠᠨᠢᠬᠤ ᠣᠷᠣᠨ ᠵᠠᠶ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠤ ᠪᠣᠶ ᠪᠣᠯᠬᠤ ᠬᠥᠷᠥᠰᠥ ᠰᠢᠷᠤᠢ ᠵᠢ ᠲᠦᠢ᠍ᠯᠪᠤᠷᠢᠲᠠᠶ ᠠᠷᠢᠯᠭ᠋ᠠᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠶ᠋ᠢᠩᠭᠤᠵᠢᠭᠤᠯᠤᠨ ᠠᠬᠢᠭᠤᠯᠬᠤ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠥᠬᠦ ᠲᠠᠯ᠎ᠠ᠎ᠳᠤ ᠣᠷᠣᠭᠤᠯᠤᠨ ᠲᠥᠯᠥᠪᠵᠢᠭᠦᠯᠦᠨ ᠠᠬᠢᠭᠤᠯᠵᠤ᠂ ᠨᠠᠮ ᠵᠠᠰᠠᠭ᠎ᠤᠨ ᠭᠤᠤᠯ ᠬᠠᠷᠢᠭᠤᠴᠠᠯᠭ᠋ᠠᠲᠠᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠡᠭᠦᠷᠭᠡᠯᠡᠵᠦ᠂ ᠡᠯ᠎ᠡ ᠠᠵᠢᠯ ᠲᠥᠷᠥᠯ ᠡᠯ᠎ᠡ ᠬᠦᠷᠢᠶᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠲᠣᠰ ᠠᠵᠢᠯ ᠲᠥᠷᠥᠯ ᠲᠣᠰ ᠬᠦᠷᠢᠶᠡᠨ᠎ᠤ ᠵᠠᠰᠠᠯᠲᠠ ᠵᠢ ᠪᠥᠬᠦ ᠶᠠᠪᠤᠴᠠ᠎ᠪᠠᠷ ᠤᠳᠤᠷᠢᠳᠴᠤ᠂ ᠪᠥᠬᠦ ᠲᠠᠯ᠎ᠠ᠎ᠪᠠᠷ ᠰᠢᠯᠭ᠋ᠠᠨ ᠬᠠᠮᠢᠶᠠᠷᠴᠤ᠂ ᠤᠯᠤᠰ ᠲᠥᠷᠥ ᠬᠠᠤᠯᠢ ᠴᠠᠭ᠋ᠠᠵᠠ ᠵᠢᠨ ᠪᠠᠶ᠋ᠢᠭᠤᠯᠭ᠎ᠠ 《ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠬᠤᠷᠴᠠ ᠰᠡᠯᠡᠮ᠎ᠡ》 ᠵᠢᠨ ᠦᠢ᠍ᠯᠡᠳᠤᠯ ᠵᠶ᠋ᠠᠨ ᠭᠦᠢ᠍ᠴᠡᠳ ᠪᠠᠳᠠᠷᠠᠭᠤᠯᠤᠨ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠎ᠪᠠᠷ ᠳᠡᠮᠵᠢᠨ ᠦᠷ᠎ᠡ ᠪᠦᠲᠦᠭᠡᠯ᠎ᠢ ᠲᠠᠰᠤᠷᠠᠯᠲᠠ ᠥᠬᠡᠶ ᠪᠠᠬᠢᠵᠢᠭᠦᠯᠵᠦ᠂ ᠦᠷ᠎ᠡ ᠪᠦᠲᠦᠭᠡᠯ᠎ᠢ ᠥᠷᠭᠡᠳᠬᠡᠨ᠂ ᠬᠠᠷᠭᠢᠰ ᠬᠦᠴᠦᠨ᠎ᠢ ᠬᠤᠭ ᠥᠬᠡᠶ ᠠᠷᠢᠯᠭ᠋ᠠᠬᠤ᠂ ᠣᠷᠳᠣ ᠬᠤᠭᠤᠴᠠᠭ᠎ᠠ᠎ᠪᠠᠷ ᠪᠠᠶ᠋ᠢᠩᠭᠤ ᠵᠠᠰᠠᠬᠤ ᠵᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃
    ᠬᠤᠷᠠᠯ᠎ᠠᠴᠠ 《ᠬᠤᠰᠢᠭᠤ ᠰᠢᠶᠠᠨ (ᠬᠤᠲᠠ᠂ ᠲᠣᠭᠤᠷᠢᠭ) ᠪᠠ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠤᠭᠤᠯᠢ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠰᠠᠨᠠᠯ》᠎ᠢ ᠬᠢᠨᠠᠨ ᠵᠥᠪᠯᠡᠵᠦ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠲᠥᠯᠥᠭᠡᠯᠡᠭᠴᠢ ᠵᠢ ᠲᠤᠭᠳᠠᠭ᠋ᠠᠬᠤ ᠪᠠᠷᠢᠮᠵᠢᠶ᠎ᠠ ᠪᠠ ᠲᠠᠰ ᠳᠠᠷᠠᠭ᠋ᠠᠯᠠᠯ᠎ᠢ ᠴᠢᠩᠳᠠᠯᠠᠵᠤ᠂ ᠤᠳᠤᠷᠢᠳᠬᠤ ᠪᠠᠭ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠵᠢ ᠴᠢᠩᠳᠠᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠵᠢᠨ ᠠᠵᠢᠯ᠎ᠢ ᠬᠠᠤᠯᠢ ᠶᠣᠰᠣᠭ᠋ᠠᠷ ᠡᠮᠬᠢ ᠲᠢᠭᠯᠢᠮ᠎ᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
    ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠲᠣᠮᠳᠠᠳᠤ ᠣᠯᠣᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠳ᠎ᠤᠨ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠲᠥᠷᠥ ᠵᠢᠨ ᠪᠣᠳᠣᠯᠭ᠎ᠠ ᠵᠢᠨ ᠬᠠᠪᠰᠤᠷᠤᠨ ᠵᠢᠯᠣᠭᠣᠳᠬᠤ ᠪᠣᠯᠪᠠᠰᠤᠷᠠᠯ᠎ᠤᠨ ᠠᠩᠭᠢ ᠡᠷᠭᠢᠯᠡᠪᠡ
ᠳᠤᠮᠳᠠᠳᠤ ᠤᠯᠤᠰ᠎ᠤᠨ ᠵᠠᠰᠠᠮᠠᠯ ᠵᠠᠮ᠎ᠤᠨ ᠳᠤᠭᠤᠶ ᠲᠡᠷᠭᠡᠨ᠎ᠤ ᠬᠣᠯᠪᠣᠭ᠋ᠠᠲᠤ ᠤᠷᠤᠯᠳᠤᠭ᠋ᠠᠨ (ᠬᠣᠶᠠᠳᠤᠭ᠋ᠠᠷ ᠥᠷᠲᠡᠭᠡ)᠎ᠳᠤ ᠮᠠᠨ᠎ᠤ ᠣᠷᠣᠨ᠎ᠤ ᠲᠠᠮᠢᠷᠴᠢᠨ ᠬᠦᠷᠡᠯ ᠮᠧᠳᠠᠯ ᠠᠪᠤᠪᠠ
4 ᠰᠠᠷ᠎ᠠ᠎ᠠᠴᠠ ᠡᠬᠢᠯᠡᠨ ᠬᠡᠷᠡᠭᠵᠢᠭᠦᠯᠦᠭᠰᠡᠨ ᠰᠢᠨ᠎ᠡ ᠳᠦᠷᠢᠮ ᠲᠤᠬᠳᠠᠭ᠋ᠠᠯ᠎ᠤᠳ
ᠪᠦᠬᠦ ᠣᠷᠣᠨ᠎ᠤ ᠠᠵᠢᠯ ᠣᠯᠭᠤᠵᠣ ᠦᠢ᠍ᠯᠡᠰ ᠴᠣᠭᠴᠠᠯᠠᠬᠤ ᠵᠢ ᠠᠬᠢᠭᠤᠯᠬᠤ ᠴᠤᠭᠯᠠᠭ᠋ᠠᠨ ᠵᠢᠴᠢ ᠬᠠᠪᠤᠷ᠎ᠤᠨ ᠤᠯᠠᠷᠢᠯ᠎ᠤᠨ ᠴᠢᠲᠠᠪᠤᠷᠢᠲᠠᠨ ᠤᠷᠢᠨ ᠡᠯᠰᠡᠬᠦ ᠴᠤᠭᠯᠠᠭ᠋ᠠᠨ 4 ᠰᠠᠷ᠎ᠠ ᠵᠢᠨ 10᠎ᠤ ᠡᠳᠦᠷ ᠶᠠᠪᠤᠭᠲᠠᠨ᠎ᠠ
ᠮᠠᠨ᠎ᠤ ᠣᠷᠣᠨ᠎ᠤ 200 ᠭᠠᠷᠤᠢ ᠲᠦᠮᠡᠨ ᠵᠠᠯᠠᠭᠤᠴᠤᠳ ᠪᠠᠭ᠋ᠠᠴᠤᠳ ᠬᠠᠩᠰᠢ ᠵᠢᠨ ᠡᠳᠦᠷ ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠬᠤ ᠠᠵᠢᠯᠯᠠᠭ᠎ᠠ᠎ᠳᠤ ᠣᠷᠣᠯᠴᠠᠵᠠᠢ
 
            