ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠳ᠎ᠤᠨ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠲᠥᠷᠥ ᠵᠢᠨ ᠪᠣᠳᠣᠯᠭ᠎ᠠ ᠵᠢᠨ ᠬᠠᠪᠰᠤᠷᠤᠨ ᠵᠢᠯᠣᠭᠣᠳᠬᠤ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2021-04-06

      ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠤᠭᠰᠠᠨ ᠪᠠᠶ᠋ᠢᠳᠠᠯ ᠳᠤᠤᠷᠠᠬᠢ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠲᠠᠮᠢᠷᠴᠢᠳ᠎ᠤᠨ ᠪᠣᠯᠪᠠᠰᠤᠷᠠᠭᠤᠯᠤᠯ᠎ᠤᠨ ᠠᠵᠢᠯ᠎ᠢ ᠰᠠᠶ᠋ᠢᠲᠤᠷ ᠬᠢᠵᠦ᠂ ᠪᠣᠯᠪᠠᠰᠤᠷᠠᠭᠤᠯᠤᠯ᠎ᠤᠨ ᠠᠵᠢᠯ᠎ᠤᠨ ᠠᠮᠤᠷ ᠲᠦᠪᠰᠢᠨ ᠡᠮᠬᠢ ᠵᠢᠷᠤᠮ᠎ᠲᠠᠢ᠂ ᠪᠣᠳᠠᠲᠠᠶ ᠵᠢ ᠡᠷᠬᠢᠮᠯᠡᠨ ᠲᠥᠬᠥᠮ ᠦᠵᠡᠭᠦᠯᠬᠦ ᠵᠢ ᠦᠨᠡᠨ ᠬᠦ᠌ ᠪᠠᠲᠤᠯᠠᠵᠤ᠂ ᠮᠠᠨ᠎ᠤ ᠣᠷᠣᠨ᠎ᠤ ᠲᠠᠮᠢᠷᠴᠢᠳ᠎ᠤᠨ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠠᠵᠢᠯ ᠮᠡᠷᠭᠡᠵᠢᠯ᠎ᠤᠨ ᠬᠡᠯᠪᠡᠷᠢ᠎ᠪᠠᠨ ᠬᠤᠪᠢᠷᠠᠭᠤᠯᠬᠤ ᠵᠢ ᠨᠠᠩ ᠰᠠᠶ᠋ᠢᠲᠤᠷ ᠠᠬᠢᠭᠤᠯᠬᠤ ᠵᠢᠨ ᠲᠥᠯᠥᠭᠡ᠂ 4 ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠎ᠠᠴᠠ 2019-2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠳ᠎ᠤᠨ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠪᠠᠭᠤᠬᠤ ᠲᠥᠷᠥ ᠵᠢᠨ ᠪᠣᠳᠣᠯᠭ᠎ᠠ ᠵᠢᠨ ᠬᠠᠪᠰᠤᠷᠤᠨ ᠵᠢᠯᠣᠭᠣᠳᠬᠤ ᠪᠣᠯᠪᠠᠰᠤᠷᠠᠭᠤᠯᠤᠯ᠎ᠤᠨ ᠠᠩᠭᠢ ᠵᠢ ᠵᠣᠬᠢᠶᠠᠨ ᠪᠠᠶ᠋ᠢᠭᠤᠯᠤᠨ ᠡᠷᠭᠢᠯᠡᠵᠦ᠂ ᠰᠦᠯᠵᠢᠶᠡᠨ᠎ᠤ ᠰᠢᠭᠤᠳ ᠨᠡᠪᠲᠡᠷᠡᠭᠦᠯᠭᠡ᠎ᠪᠠᠷ ᠰᠤᠷᠤᠯᠴᠠᠬᠤ ᠬᠡᠯᠪᠡᠷᠢ᠎ᠪᠠᠷ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠲᠠᠮᠢᠷᠴᠢᠳ᠎ᠲᠤ ᠲᠥᠷᠥ ᠵᠢᠨ ᠪᠣᠳᠣᠯᠭ᠎ᠠ ᠵᠢ ᠲᠠᠶ᠋ᠢᠯᠪᠤᠷᠢᠯᠠᠨ ᠥᠭᠴᠦ᠂ ᠮᠠᠲᠠᠭ᠎ᠲᠠᠢ ᠵᠦᠢ᠍ᠯ᠎ᠢ᠎ᠨᠢ ᠲᠠᠢ᠌ᠯᠪᠤᠷᠢᠯᠠᠵᠦ ᠥᠭᠪᠡ᠃      

    ᠲᠤᠰ ᠤᠳᠠᠭ᠋ᠠᠨ᠎ᠤ ᠪᠣᠯᠪᠠᠰᠤᠷᠠᠭᠤᠯᠤᠯ᠎ᠨᠢ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠲᠠᠮᠢᠷᠴᠢᠳ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠰᠠᠭᠤᠷᠢᠯᠠᠨ᠂ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠪᠠᠭᠤᠭᠰᠠᠨ᠎ᠤ ᠳᠠᠷᠠᠭ᠋ᠠᠬᠢ ᠨᠡᠶ᠋ᠢᠭᠡᠮ᠎ᠤᠨ ᠳᠠᠭ᠋ᠠᠳᠬᠠᠯ᠎ᠢ ᠭᠦᠢ᠍ᠴᠡᠳᠭᠡᠬᠦ ᠴᠤᠪᠤᠷᠠᠯ᠂ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠭᠠᠷᠳᠠᠮ᠎ᠢ ᠭᠦᠢ᠍ᠴᠡᠳᠭᠡᠬᠦ ᠴᠤᠪᠤᠷᠠᠯ᠂ ᠲᠠᠮᠢᠷᠴᠢᠳ᠎ᠲᠤ ᠠᠵᠤ ᠠᠬᠤᠢ ᠵᠢᠨ ᠨᠥᠬᠥᠪᠥᠷᠢ ᠥᠭᠬᠦ ᠲᠥᠷᠥ ᠵᠢᠨ ᠪᠣᠳᠣᠯᠭ᠎ᠠ᠂ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠪᠠᠭᠤᠭᠰᠠᠨ᠎ᠤ ᠳᠠᠷᠠᠭ᠋ᠠᠬᠢ ᠠᠵᠢᠯ ᠣᠯᠭᠣᠯᠲᠠ ᠵᠢᠨ ᠬᠠᠪᠰᠤᠷᠤᠨ ᠵᠢᠯᠣᠭᠣᠳᠬᠤ ᠪᠣᠯᠪᠠᠰᠤᠷᠠᠭᠤᠯᠤᠯ᠎ᠤᠨ ᠲᠥᠷᠥᠯ ᠵᠦᠢ᠍ᠯ ᠵᠡᠷᠭᠡ ᠲᠠᠯ᠎ᠠ᠎ᠪᠠᠷ ᠪᠥᠬᠥ ᠲᠠᠯ᠎ᠠ᠎ᠪᠠᠷ ᠨᠠᠷᠢᠨ ᠨᠢᠮᠪᠠᠶ ᠲᠠᠶ᠋ᠢᠯᠤᠮᠵᠢ ᠬᠢᠵᠦ᠂ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠪᠠᠭᠤᠭᠰᠠᠨ ᠲᠠᠮᠢᠷᠴᠢᠳ᠎ᠤᠨ ᠤᠴᠢᠷ ᠶᠠᠪᠤᠳᠠᠯ᠎ᠢ ᠮᠡᠳᠡᠬᠦ ᠪᠠ   ᠭᠦᠢ᠍ᠴᠡᠳᠭᠡᠬᠦ ᠴᠤᠪᠤᠷᠠᠯ᠂ ᠲᠤᠰ ᠪᠡᠶ᠎ᠡ ᠵᠢᠨ ᠡᠷᠬᠡ ᠠᠰᠢᠭ ᠵᠶ᠋ᠠᠨ ᠦᠨᠡᠨᠬᠦ ᠪᠠᠲᠤᠯᠠᠬᠤ᠂ ᠬᠥᠭᠵᠢᠯᠲᠡ ᠵᠢᠨ ᠰᠡᠳᠬᠢᠮᠵᠢ᠎ᠪᠠᠨ ᠥᠷᠭᠡᠳᠬᠡᠬᠦ᠎ᠳᠤ ᠲᠠᠪᠴᠠᠩ ᠬᠠᠩᠭ᠋ᠠᠭᠰᠠᠨ ᠪᠠᠶ᠋ᠢᠨ᠎ᠠ᠃



   

    ᠲᠤᠰ ᠤᠳᠠᠭ᠋ᠠᠨ᠎ᠤ ᠪᠣᠯᠪᠠᠰᠤᠷᠠᠯ᠎ᠳᠤ ᠮᠠᠨ᠎ᠤ ᠣᠷᠣᠨ᠎ᠤ 42 ᠲᠠᠮᠢᠷᠴᠢᠨ ᠣᠷᠣᠯᠴᠠᠪᠠ᠃ ᠪᠣᠯᠪᠠᠰᠤᠷᠠᠭᠤᠯᠤᠯ᠎ᠤᠨ ᠶᠠᠪᠤᠴᠠ᠎ᠳᠤ᠂ ᠲᠠᠮᠢᠷᠴᠢᠳ ᠰᠦᠯᠵᠢᠶᠡᠨ ᠳᠡᠭᠡᠷᠡᠬᠢ ᠲᠠᠪᠴᠠᠩ ᠵᠶ᠋ᠠᠷ ᠳᠡᠮᠵᠢᠨ ᠨᠠᠷᠢᠨ ᠬᠢᠨᠠᠮᠠᠭ᠋ᠠᠶ ᠬᠢᠴᠢᠶᠡᠯ ᠰᠣᠨᠣᠰᠴᠤ᠂ ᠲᠣᠰ ᠪᠡᠶ᠎ᠡ ᠵᠢᠨ ᠠᠩᠬᠠᠷᠴᠤ ᠪᠠᠶ᠋ᠢᠭ᠎ᠠ ᠠᠰᠠᠭᠤᠳᠠᠯ᠎ᠤᠨ ᠲᠤᠬᠠᠶ ᠪᠠᠭᠰᠢ᠎ᠲᠠᠢ᠎ᠪᠠᠨ ᠢᠳᠡᠪᠬᠢᠲᠡᠶ ᠦᠢ᠍ᠯᠡᠳᠦᠯᠴᠡᠵᠣ᠂ ᠰᠤᠷᠤᠯᠴᠠᠯᠭ᠎ᠠ ᠵᠢᠨ ᠠᠭᠤᠷ ᠠᠮᠢᠰᠬᠤᠯ ᠥᠳᠬᠡᠨ ᠵᠤᠵᠠᠭ᠋ᠠᠨ ᠪᠥᠭᠡᠳ ᠬᠥᠷ ᠬᠥᠭᠵᠢᠶᠡᠨᠲᠡᠶ ᠪᠠᠶ᠋ᠢᠵᠤ᠂ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠲᠠᠮᠢᠷᠴᠢᠳ᠎ᠤᠨ ᠢᠲᠡᠭᠡᠯ ᠵᠣᠷᠢᠭ᠎ᠢ ᠨᠡᠮᠡᠭᠳᠡᠭᠦᠯᠵᠦ᠂ ᠲᠡᠳᠡᠨ᠎ᠢ ᠬᠠᠪᠰᠤᠷᠤᠨ ᠬᠡᠯᠪᠡᠷᠢ᠎ᠪᠠᠨ ᠬᠤᠪᠢᠷᠠᠭᠤᠯᠬᠤ ᠬᠤᠭᠤᠴᠠᠭ᠎ᠠ ᠵᠢ ᠲᠣᠭᠲᠠᠭᠤᠨ ᠵᠶ᠋ᠠᠷ ᠥᠩᠭᠡᠷᠡᠭᠦᠯᠵᠦ᠂ ᠲᠡᠳᠡᠨ᠎ᠢ ᠵᠣᠷᠢᠭᠵᠢᠭᠤᠯᠤᠨ ᠲᠠᠰᠤᠷᠠᠯᠲᠠ ᠥᠬᠡᠶ ᠤᠷᠤᠭᠰᠢ ᠳᠠᠪᠰᠢᠭᠤᠯᠵᠤ᠂ ᠨᠠᠩ ᠰᠠᠶ᠋ᠢᠨ ᠬᠥᠭᠵᠢᠯᠲᠡ ᠵᠢ ᠪᠡᠶᠡᠯᠡᠭᠦᠯᠬᠦ᠎ᠳᠤ ᠢᠳᠡᠪᠬᠢᠲᠡᠶ ᠪᠥᠭᠡᠳ ᠠᠰᠢᠭᠲᠠᠶ ᠦᠢ᠍ᠯᠡᠳᠦᠯ ᠦᠵᠡᠭᠦᠯᠪᠡ᠃
    ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠲᠠᠮᠢᠷᠴᠢᠳ᠎ᠤᠨ ᠠᠵᠢᠯ ᠮᠡᠷᠭᠡᠵᠢᠯ᠎ᠤᠨ ᠬᠡᠯᠪᠡᠷᠢ ᠵᠢ ᠬᠤᠪᠢᠷᠠᠭᠤᠯᠬᠤ ᠪᠣᠯᠪᠠᠰᠤᠷᠠᠭᠤᠯᠤᠯ᠎ᠤᠨ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠵᠢᠨ ᠲᠥᠯᠥᠭᠡ᠂ ᠭᠤᠤᠯᠯᠠᠨ ᠡᠷᠭᠢᠯᠡᠭᠰᠡᠨ ᠲᠠᠯ᠎ᠠ ᠵᠢᠨ᠎ᠬᠢᠨ ᠪᠠᠰᠠ ᠪᠣᠯᠪᠠᠰᠤᠷᠠᠭᠤᠯᠤᠯ᠎ᠳᠤ ᠣᠷᠣᠯᠴᠠᠭᠰᠠᠨ ᠲᠠᠮᠢᠷᠴᠢᠳ᠎ᠢ ᠵᠣᠬᠢᠶᠠᠨ ᠪᠠᠶ᠋ᠢᠭᠤᠯᠵᠤ ᠰᠦᠯᠵᠢᠶᠡᠨ ᠳᠡᠭᠡᠷ᠎ᠡ ᠠᠰᠠᠭᠤᠯᠲᠠ ᠵᠢᠨ ᠬᠠᠭᠤᠳᠠᠰᠤ᠎ᠪᠠᠷ ᠪᠠᠶ᠋ᠢᠴᠠᠭ᠋ᠠᠯᠲᠠ ᠬᠢᠵᠦ᠂ ᠬᠣᠶ᠋ᠢᠰᠢᠳᠠ ᠲᠡᠳᠡᠨ᠎ᠳᠤ ᠨᠠᠩ ᠬᠠᠨᠳᠤᠯᠭ᠋ᠠᠲᠤ ᠴᠢᠨᠠᠷᠲᠠᠶ ᠳᠡᠮᠵᠢᠯᠭᠡ ᠪᠠ ᠪᠠᠲᠤᠯᠠᠭ᠎ᠠ ᠬᠠᠩᠭ᠋ᠠᠵᠤ᠂ ᠪᠡᠶ᠎ᠡ ᠵᠢᠨ ᠲᠠᠮᠢᠷ᠎ᠤᠨ ᠠᠵᠢᠯ᠎ᠠᠴᠠ᠎ᠪᠠᠨ ᠰᠠᠯᠬᠤ ᠲᠠᠮᠢᠷᠴᠢᠳ᠎ᠤᠨ ᠪᠣᠳᠠᠲᠠᠶ ᠬᠡᠷᠡᠭᠴᠡᠭᠡ ᠵᠢ ᠬᠠᠩᠭ᠋ᠠᠬᠤ ᠰᠤᠷᠤᠯᠴᠠᠯᠭ᠎ᠠ ᠰᠣᠯᠢᠯᠴᠠᠭ᠋ᠠᠨ᠎ᠤ ᠲᠠᠪᠴᠠᠩ ᠪᠠᠶ᠋ᠢᠭᠤᠯᠬᠤ᠎ᠳᠤ ᠲᠥᠬᠥᠮ ᠪᠣᠯᠭ᠋ᠠᠪᠠ᠃

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠵᠠᠰᠠᠮᠠᠯ ᠵᠠᠮ᠎ᠤᠨ ᠳᠤᠭᠤᠶ ᠲᠡᠷᠭᠡᠨ᠎ᠤ ᠬᠣᠯᠪᠣᠭ᠋ᠠᠲᠤ ᠤᠷᠤᠯᠳᠤᠭ᠋ᠠᠨ (ᠬᠣᠶᠠᠳᠤᠭ᠋ᠠᠷ ᠥᠷᠲᠡᠭᠡ)᠎ᠳᠤ ᠮᠠᠨ᠎ᠤ ᠣᠷᠣᠨ᠎ᠤ ᠲᠠᠮᠢᠷᠴᠢᠨ ᠬᠦᠷᠡᠯ ᠮᠧᠳᠠᠯ ᠠᠪᠤᠪᠠ
4 ᠰᠠᠷ᠎ᠠ᠎ᠠᠴᠠ ᠡᠬᠢᠯᠡᠨ ᠬᠡᠷᠡᠭᠵᠢᠭᠦᠯᠦᠭᠰᠡᠨ ᠰᠢᠨ᠎ᠡ ᠳᠦᠷᠢᠮ ᠲᠤᠬᠳᠠᠭ᠋ᠠᠯ᠎ᠤᠳ
ᠪᠦᠬᠦ ᠣᠷᠣᠨ᠎ᠤ ᠠᠵᠢᠯ ᠣᠯᠭᠤᠵᠣ ᠦᠢ᠍ᠯᠡᠰ ᠴᠣᠭᠴᠠᠯᠠᠬᠤ ᠵᠢ ᠠᠬᠢᠭᠤᠯᠬᠤ ᠴᠤᠭᠯᠠᠭ᠋ᠠᠨ ᠵᠢᠴᠢ ᠬᠠᠪᠤᠷ᠎ᠤᠨ ᠤᠯᠠᠷᠢᠯ᠎ᠤᠨ ᠴᠢᠲᠠᠪᠤᠷᠢᠲᠠᠨ ᠤᠷᠢᠨ ᠡᠯᠰᠡᠬᠦ ᠴᠤᠭᠯᠠᠭ᠋ᠠᠨ 4 ᠰᠠᠷ᠎ᠠ ᠵᠢᠨ 10᠎ᠤ ᠡᠳᠦᠷ ᠶᠠᠪᠤᠭᠲᠠᠨ᠎ᠠ
ᠮᠠᠨ᠎ᠤ ᠣᠷᠣᠨ᠎ᠤ 200 ᠭᠠᠷᠤᠢ ᠲᠦᠮᠡᠨ ᠵᠠᠯᠠᠭᠤᠴᠤᠳ ᠪᠠᠭ᠋ᠠᠴᠤᠳ ᠬᠠᠩᠰᠢ ᠵᠢᠨ ᠡᠳᠦᠷ ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠬᠤ ᠠᠵᠢᠯᠯᠠᠭ᠎ᠠ᠎ᠳᠤ ᠣᠷᠣᠯᠴᠠᠵᠠᠢ
ᠣᠷᠳᠣᠰ ᠬᠣᠲᠠ ᠵᠢᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ ᠡᠬᠢᠯᠡᠪᠡ
 
            