1᠂ ᠭᠠᠶ᠋ᠢᠯᠢ ᠵᠢᠨ ᠬᠠᠷᠠᠭ᠋ᠠᠯᠵᠠᠯ᠎ᠢ 12 ᠰᠠᠷ᠎ᠠ ᠵᠢᠨ 31 ᠪᠤᠯᠳᠠᠯ᠎ᠠ ᠤᠷᠳᠤᠳᠬᠠᠨ᠎ᠠ
ᠡᠳ᠋᠎ᠤᠨ ᠵᠠᠰᠠᠭ᠎ᠤᠨ ᠶᠠᠮᠤᠨ᠂ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠬᠠᠮᠲᠤᠷᠠᠨ ᠳᠠᠷᠬᠠᠭ᠋ᠠᠭᠰᠠᠨ 《ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠬᠤ ᠵᠢᠨ ᠲᠦᠯᠦᠭᠡᠨ᠎ᠤ ᠬᠡᠰᠡᠭ ᠭᠠᠶ᠋ᠢᠯᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠬᠦ ᠲᠤᠬᠠᠶ ᠠᠯᠪᠠᠨ ᠵᠠᠷᠯᠠᠯ》᠎ᠳᠤ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠳᠡᠮᠵᠢᠬᠦ ᠥᠷᠲᠡᠭ ᠨᠡᠮᠡᠭᠳᠡᠯ᠎ᠤᠨ ᠭᠠᠶ᠋ᠢᠯᠢ ᠵᠢᠨ ᠲᠥᠷᠥ ᠵᠢᠨ ᠪᠣᠳᠣᠯᠭ᠎ᠠ ᠵᠢᠨ ᠲᠤᠬᠠᠶ ᠡᠳ᠋᠎ᠤᠨ ᠵᠠᠰᠠᠭ᠎ᠤᠨ ᠶᠠᠮᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠵᠠᠷᠯᠠᠯ》᠎ᠳᠤ ᠲᠣᠭᠲᠠᠭ᠋ᠠᠭᠰᠠᠨ ᠭᠠᠶ᠋ᠢᠯᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ 2021 ᠣᠨ᠎ᠤ 12 ᠰᠠᠷ᠎ᠠ ᠵᠢᠨ 31 ᠪᠣᠯᠲᠠᠯ᠎ᠠ ᠤᠷᠲᠤᠳᠬᠠᠨ ᠬᠡᠷᠡᠭᠵᠢᠭᠦᠯᠦᠨ᠎ᠠ ᠭᠡᠪᠡ᠃
2᠂ ᠤᠯᠤᠰ᠎ᠤᠨ ᠲᠥᠯᠥᠪᠦᠷᠢ ᠵᠢᠨ ᠬᠡᠷᠡᠭ᠎ᠤᠨ ᠣᠶᠤᠨ᠎ᠤ ᠬᠤᠬᠢᠷᠠᠯ᠎ᠤᠨ ᠲᠣᠬᠤᠨᠢᠭᠤᠯᠬᠤ ᠮᠥᠩᠭᠦ ᠵᠢᠨ ᠪᠠᠷᠢᠮᠵᠢᠶ᠎ᠠ ᠵᠢ ᠳᠡᠭᠡᠭᠰᠢᠯᠡᠭᠦᠯᠤᠨ᠎ᠡ
ᠠᠷᠠᠳ᠎ᠤᠨ ᠳᠡᠭᠡᠳᠦ ᠰᠢᠭᠦᠬᠦ ᠬᠤᠷᠢᠶ᠎ᠠ ᠣᠶ᠋ᠢᠷ᠎ᠠ᠎ᠳᠤ ᠤᠯᠤᠰ᠎ᠤᠨ ᠲᠥᠯᠥᠪᠦᠷᠢ ᠵᠢᠨ ᠬᠡᠷᠡᠭ᠎ᠢ ᠰᠢᠭᠦᠬᠦ᠎ᠳᠤ ᠣᠶᠤᠨ᠎ᠤ ᠬᠤᠬᠢᠷᠠᠯ᠎ᠤᠨ ᠲᠥᠯᠥᠪᠦᠷᠢ ᠵᠢᠨ ᠬᠠᠷᠢᠭᠤᠴᠠᠯᠭ᠎ᠠ ᠵᠢ ᠲᠣᠭᠲᠠᠭ᠋ᠠᠬᠤ᠎ᠳᠤ ᠳᠤᠬᠢᠷᠠᠬᠤ ᠬᠠᠤᠯᠢ ᠴᠠᠭ᠋ᠠᠵᠠ ᠵᠢᠨ ᠠᠰᠠᠭᠤᠳᠠᠯ᠎ᠤᠳ᠎ᠤᠨ ᠲᠤᠬᠠᠶ ᠲᠠᠶ᠋ᠢᠯᠤᠮᠵᠢ ᠵᠢ ᠨᠡᠶ᠋ᠢᠳᠡᠯᠡᠵᠦ᠂ 2021 ᠣᠨ᠎ᠤ 4 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠪᠠ᠃ ᠲᠠᠶ᠋ᠢᠯᠤᠮᠵᠢ᠎ᠳᠤ᠂ ᠬᠦᠨᠳᠦ ᠨᠣᠴᠢᠲᠠᠢ ᠦᠷ᠎ᠠ ᠳ᠋ᠦᠩ᠎ᠳᠤ ᠬᠦᠷᠦᠭᠰᠡᠨ ᠪᠤᠯ᠂ ᠤᠶᠤᠨ᠎ᠤ ᠬᠤᠬᠢᠷᠠᠯ᠎ᠤᠨ ᠲᠣᠬᠤᠨᠢᠭᠤᠯᠬᠤ ᠮᠥᠩᠭᠦ ᠵᠢ ᠡᠩ᠎ᠤᠨ ᠪᠠᠶ᠋ᠢᠳᠠᠯ᠎ᠳᠤ ᠤᠯᠤᠰ᠎ᠤᠨ ᠲᠥᠯᠥᠪᠦᠷᠢ ᠵᠢᠨ ᠬᠠᠤᠯᠢ ᠵᠢᠨ ᠭᠤᠴᠢᠨ ᠭᠤᠷᠪᠠᠳᠤᠭ᠋ᠠᠷ ᠵᠦᠢ᠍ᠯ᠂ ᠭᠤᠴᠢᠨ ᠳᠥᠷᠪᠡᠳᠦᠭᠡᠷ ᠵᠦᠢ᠍ᠯ᠎ᠳᠤ ᠲᠣᠭᠲᠠᠭ᠋ᠠᠭᠰᠠᠨ ᠪᠡᠶ᠎ᠡ ᠵᠢᠨ ᠡᠷᠬᠡ ᠴᠢᠯᠥᠭᠡ ᠵᠢᠨ ᠲᠥᠯᠥᠪᠦᠷᠢ ᠮᠥᠩᠭᠦ᠂ ᠠᠮᠢ ᠨᠠᠰᠤᠨ᠎ᠤ ᠡᠷᠡᠭᠦᠯ ᠮᠡᠨᠳᠦ ᠵᠢᠨ ᠲᠥᠯᠥᠪᠦᠷᠢ ᠮᠥᠩᠭᠦ ᠵᠢᠨ ᠶᠡᠷᠦᠩᠬᠡᠢ ᠬᠡᠮᠵᠢᠶᠡᠨ᠎ᠤ 50%᠎ᠠᠴᠠ ᠲᠤᠷᠤᠭᠰᠢ (50 % ᠵᠢ ᠪᠠᠭᠲᠠᠭ᠋ᠠᠨ᠎ᠠ) ᠪᠠᠶ᠋ᠢᠬᠤ᠎ᠪᠠᠷ ᠪᠠᠶ᠋ᠢᠳᠠᠯ᠎ᠢ᠎ᠨᠢ ᠦᠵᠡᠵᠦ ᠲᠣᠭᠲᠠᠭ᠋ᠠᠬᠤ ᠬᠡᠷᠡᠭᠲᠡᠢ ᠭᠡᠰᠡᠨᠤ ᠬᠠᠮᠲᠤ᠂ ᠣᠨᠴᠠᠭ᠋ᠠᠢ ᠬᠦᠨᠳᠦ ᠨᠣᠴᠢᠲᠠᠢ ᠦᠷ᠎ᠠ ᠳ᠋ᠦᠩ᠎ᠳᠤ ᠬᠦᠷᠦᠭᠰᠡᠨ ᠵᠡᠷᠭᠡ ᠣᠨᠴᠠᠭ᠋ᠠᠢ ᠪᠠᠶ᠋ᠢᠳᠠᠯ᠎ᠳᠤ 50%᠎ᠠᠴᠠ ᠳᠡᠭᠡᠭᠰᠢ᠎ᠪᠠᠷ ᠪᠠᠶ᠋ᠢᠳᠠᠯ᠎ᠢ᠎ᠨᠢ ᠦᠵᠡᠵᠦ ᠲᠣᠭᠲᠠᠭ᠋ᠠᠵᠤ ᠪᠣᠯᠤᠨ᠎ᠠ ᠭᠡᠪᠡ᠃
3᠂ ᠪᠠᠭ᠎ᠠ ᠵᠢᠵᠢᠭ ᠬᠡᠯᠪᠡᠷᠢ ᠵᠢᠨ ᠠᠶᠠᠨᠴᠢᠤᠨ᠎ᠤᠨ ᠲᠡᠷᠭᠡ ᠳᠦᠷᠢᠶᠡᠰᠦᠯᠡᠭᠴᠢ ᠲᠡᠷᠭᠡ᠎ᠪᠠᠨ ᠳᠠᠭ᠋ᠠᠭᠰᠠᠨ ᠵᠢᠯᠤᠭᠤᠴᠢ ᠵᠢᠨ ᠬᠦᠳᠡᠯᠮᠦᠷᠢ ᠦᠢ᠍ᠯᠡᠴᠢᠯᠡᠭᠡ ᠬᠠᠩᠭ᠋ᠠᠵᠤ ᠪᠤᠯᠬᠤ ᠦᠭᠡᠢ
ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ 《ᠪᠠᠭ᠎ᠠ ᠵᠢᠵᠢᠭ ᠬᠡᠯᠪᠡᠷᠢ ᠵᠢᠨ ᠠᠶᠠᠨᠴᠢᠳ᠎ᠤᠨ ᠲᠡᠷᠭᠡ ᠵᠢ ᠲᠦᠷᠢᠶᠡᠰᠦᠯᠡᠬᠦ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠵᠤ᠂ 2021 ᠣᠨ᠎ᠤ 4 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠪᠠ᠃ 《ᠠᠷᠭ᠎ᠠ》᠎ᠳᠤ᠂ ᠪᠠᠭ᠎ᠠ ᠵᠢᠵᠢᠭ ᠬᠡᠯᠪᠡᠷᠢ ᠵᠢᠨ ᠠᠶᠠᠨᠴᠢᠤᠨ᠎ᠤᠨ ᠲᠡᠷᠭᠡ ᠳᠦᠷᠢᠶᠡᠰᠦᠯᠡᠭᠴᠢ ᠲᠡᠷᠭᠡ᠎ᠪᠠᠨ ᠳᠠᠭ᠋ᠠᠭᠰᠠᠨ ᠵᠢᠯᠤᠭᠤᠴᠢ ᠵᠢᠨ ᠬᠦᠳᠡᠯᠮᠦᠷᠢ ᠦᠢ᠍ᠯᠡᠴᠢᠯᠡᠭᠡ ᠬᠠᠩᠭ᠋ᠠᠵᠤ ᠪᠤᠯᠬᠤ ᠦᠭᠡᠢ᠃ ᠮᠠᠰᠢᠨ ᠲᠡᠷᠭᠡᠨ᠎ᠤ ᠬᠡᠷᠡᠭᠯᠡᠭᠡᠨ᠎ᠤ ᠰᠢᠨᠵᠢ ᠴᠢᠨᠠᠷ᠎ᠢ ᠳᠦᠷᠢᠶᠡᠰᠦᠯᠡᠬᠦ᠎ᠪᠠᠷ ᠳᠠᠩᠰᠠᠯᠠᠭᠤᠯᠤᠭᠰᠠᠨ ᠪᠠᠭ᠎ᠠ ᠵᠢᠵᠢᠭ ᠬᠡᠯᠪᠡᠷᠢ ᠵᠢᠨ ᠠᠶᠠᠨᠴᠢᠳ᠎ᠤᠨ ᠲᠡᠷᠭᠡ ᠵᠢ ᠵᠠᠮ ᠲᠡᠭᠡᠭᠡᠪᠦᠷᠢ ᠵᠢᠨ ᠡᠵᠡᠩᠨᠡᠯᠲᠡ᠎ᠳᠤ ᠳᠤᠷ᠎ᠠ᠎ᠪᠠᠷ ᠵᠶ᠋ᠠᠨ ᠬᠡᠷᠡᠭᠯᠡᠵᠦ ᠪᠣᠯᠬᠤ ᠥᠬᠡᠶ᠃ ᠪᠠᠭ᠎ᠠ ᠵᠢᠵᠢᠭ ᠬᠡᠯᠪᠡᠷᠢ ᠵᠢᠨ ᠠᠶᠠᠨᠴᠢᠳ᠎ᠤᠨ ᠲᠡᠷᠭᠡ ᠵᠢ ᠲᠦᠷᠢᠶᠡᠰᠦᠯᠡᠨ ᠵᠠᠮ ᠲᠡᠭᠡᠭᠡᠪᠦᠷᠢ ᠵᠢᠨ ᠡᠵᠡᠩᠨᠡᠯᠲᠡ ᠬᠢᠬᠦ᠎ᠳᠤ᠂ ᠡᠷᠬᠡᠪᠰᠢ ᠤᠷᠢᠳ ᠵᠶ᠋ᠠᠷ ᠬᠠᠮᠢᠶ᠎ᠠ ᠪᠥᠬᠦᠶ ᠳᠤᠭᠳᠠᠭ᠋ᠠᠯ ᠶᠤᠰᠤᠭ᠋ᠠᠷ ᠵᠠᠰᠠᠭ ᠵᠠᠬᠢᠷᠭ᠋ᠠᠨ᠎ᠤ ᠵᠥᠪᠰᠢᠶᠡᠷᠡᠯ ᠪᠠ ᠮᠠᠰᠢᠨ ᠲᠡᠷᠭᠡᠨ᠎ᠤ ᠬᠡᠷᠡᠭᠯᠡᠭᠡᠨ᠎ᠤ ᠰᠢᠨᠵᠢ ᠴᠢᠨᠠᠷ᠎ᠢ ᠬᠤᠪᠢᠷᠠᠭᠤᠯᠬᠤ ᠭᠠᠷᠳᠠᠮ ᠭᠦᠢ᠍ᠴᠡᠳᠭᠡᠬᠦ ᠬᠡᠷᠡᠭᠳᠠᠢ ᠭᠡᠵᠦ ᠲᠤᠳᠤᠷᠬᠠᠢ ᠳᠤᠭᠳᠠᠭ᠋ᠠᠪᠠ᠃
4᠂ ᠨᠠᠰᠤᠲᠠᠶ᠋ᠢᠴᠤᠳ ᠬᠢᠯᠢ᠎ᠪᠠᠷ ᠣᠷᠣᠵᠤ ᠭᠠᠷᠬᠤ᠎ᠳᠤ ᠨᠡᠩ ᠲᠦᠭᠦᠮ ᠪᠤᠯᠤᠨ᠎ᠡ
ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠲᠣᠪᠴᠢᠶ᠎ᠠ 2021 ᠣᠨ᠎ᠤ 4 ᠰᠠᠷ᠎ᠠ ᠵᠢᠨ 1᠎ᠤ ᠡᠳᠦᠷ᠎ᠠᠴᠠ ᠡᠬᠢᠯᠡᠨ ᠨᠠᠰᠤᠲᠠᠶ᠋ᠢᠴᠤᠳ ᠬᠢᠯᠢ᠎ᠪᠠᠷ ᠣᠷᠣᠵᠤ ᠭᠠᠷᠬᠤ ᠦᠨᠡᠮᠯᠡᠯ ᠭᠦᠢ᠍ᠴᠡᠳᠭᠡᠬᠦ᠎ᠳᠤ ᠲᠥᠬᠦᠮ ᠦᠵᠡᠭᠦᠯᠬᠦ 6 ᠵᠦᠢ᠍ᠯ᠎ᠤᠨ ᠰᠢᠨ᠎ᠡ ᠠᠷᠭ᠎ᠠ ᠬᠡᠮᠵᠢᠶ᠎ᠡ ᠵᠢ ᠭᠡᠷᠡᠭᠵᠢᠭᠦᠯᠪᠠ᠃ ᠨᠠᠰᠤᠲᠠᠶ᠋ᠢᠴᠤᠳ ᠰᠦᠯᠵᠢᠶᠡᠨ ᠳᠡᠭᠡᠷ᠎ᠡ ᠪᠣᠯᠵᠣᠬᠤ ᠴᠢᠬᠤᠯᠠ ᠥᠬᠡᠶ᠎ᠪᠠᠷ ᠰᠢᠭᠤᠳ ᠬᠢᠯᠢ᠎ᠪᠠᠷ ᠤᠷᠤᠵᠤ ᠭᠠᠷᠬᠤ ᠦᠨᠡᠮᠯᠡᠯ ᠭᠦᠢ᠍ᠴᠡᠳᠭᠡᠬᠦ ᠲᠢᠩᠬᠢᠮ᠎ᠤᠨ ᠴᠣᠩᠬᠤᠪᠴᠢ᠎ᠳᠤ ᠬᠦᠷᠴᠦ ᠭᠠᠷᠳᠠᠮ ᠭᠦᠢ᠍ᠴᠡᠳᠭᠡᠵᠦ ᠪᠣᠯᠤᠨ᠎ᠠ; ᠬᠢᠯᠢ᠎ᠪᠠᠷ ᠤᠷᠤᠵᠤ ᠭᠠᠷᠬᠤ ᠦᠨᠡᠮᠯᠡᠯ ᠭᠦᠢ᠍ᠴᠡᠳᠭᠡᠬᠦ ᠲᠢᠩᠬᠢᠮ᠎ᠤᠨ ᠠᠦ᠋ᠲ᠋ᠣ᠋ ᠲᠥᠬᠦᠭᠡᠷᠦᠮᠵᠢ ᠵᠢᠨ ᠬᠠᠪᠢ᠎ᠳᠠᠬᠢ ᠬᠥᠮᠦᠨ᠎ᠤ ᠬᠦᠴᠦᠨ᠎ᠤ ᠵᠢᠯᠤᠭᠤᠳᠤᠮᠵᠢ ᠵᠢᠨ ᠦᠢ᠍ᠯᠡᠴᠢᠯᠡᠭᠡ ᠵᠢ ᠴᠢᠩᠭ᠋ᠠᠳᠬᠠᠨ᠎ᠠ; 60 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ ᠡᠩ᠎ᠤᠨ ᠫᠠᠰᠫᠣᠷᠲ᠂ ᠰᠢᠶᠠᠩᠭ᠋ᠠᠩ ᠣᠣᠮᠧᠨ ᠵᠶ᠋ᠠᠷ ᠬᠦᠷᠬᠦ ᠦᠨᠡᠮᠯᠡᠯ ᠪᠤᠶᠤ ᠲᠠᠶ᠋ᠢᠸᠠᠨ ᠵᠶ᠋ᠠᠷ ᠬᠦᠷᠬᠦ ᠦᠨᠡᠮᠯᠡᠯ ᠭᠦᠢ᠍ᠴᠡᠳᠭᠡᠬᠦ᠎ᠳᠤ᠂ 5 ᠵᠢᠯ᠎ᠤᠨ ᠲᠤᠳᠤᠷᠠᠬᠢ ᠬᠢᠯᠢ᠎ᠪᠠᠷ ᠤᠷᠤᠵᠤ ᠭᠠᠷᠬᠤ ᠦᠨᠡᠮᠯᠡᠯ ᠭᠦᠢ᠍ᠴᠡᠳᠭᠡᠬᠦ᠎ᠳᠤ ᠬᠡᠷᠡᠭᠯᠡᠵᠦ ᠥᠩᠭᠡᠷᠡᠭᠰᠡᠨ ᠬᠡᠷᠡᠯ ᠵᠢᠷᠤᠭ ᠪᠤᠶᠤ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠤᠨ ᠬᠡᠷᠡᠯ ᠵᠢᠷᠤᠭ᠎ᠢ ᠰᠢᠭᠤᠳ ᠬᠡᠷᠡᠭᠯᠡᠵᠦ ᠪᠣᠯᠤᠨ᠎ᠠ; ᠤᠯᠠᠨ ᠵᠦᠢ᠍ᠯ᠎ᠤᠨ ᠰᠦᠢ᠍ᠳᠭᠡᠯ ᠲᠤᠰᠢᠶᠠᠬᠤ ᠠᠷᠭ᠎ᠠ ᠬᠡᠯᠪᠡᠷᠢ ᠬᠠᠩᠭ᠋ᠠᠨ᠎ᠠ;
ᠲᠥᠷᠥᠯ ᠰᠠᠳᠤᠨ ᠨᠠᠶ᠋ᠢᠵᠠ ᠨᠥᠬᠦᠳ᠎ᠠᠴᠠ ᠣᠷᠣᠯᠠᠨ ᠭᠦᠢ᠍ᠴᠡᠳᠭᠡᠬᠦ ᠵᠡᠷᠭᠡ ᠦᠢ᠍ᠯᠡᠴᠢᠯᠡᠭᠡ ᠵᠢ ᠨᠡᠮᠡᠭᠳᠡᠭᠦᠯᠵᠦ᠂ ᠳᠡᠯᠭᠡᠴᠡ ᠳᠡᠭᠡᠷᠡᠬᠢ ᠦᠰᠦᠭ᠎ᠤᠨ ᠲᠢᠭ᠎ᠢ ᠶᠡᠬᠡᠰᠭᠡᠵᠦ ᠪᠤᠯᠬᠤ ᠪᠤᠯᠭ᠋ᠠᠨ᠎ᠠ; ᠦᠨᠡᠮᠯᠡᠯ᠎ᠤᠨ ᠲᠦᠷᠭᠡᠨ ᠬᠦᠷᠭᠡᠯᠳᠡ ᠵᠢᠨ ᠦᠢ᠍ᠯᠡᠴᠢᠯᠡᠭᠡ ᠬᠠᠩᠭ᠋ᠠᠨ᠎ᠠ᠃
5᠂ ᠠᠷᠠᠳ᠎ᠤᠨ ᠠᠭ᠋ᠠᠷ᠎ᠤᠨ ᠠᠶᠠᠯᠠᠯ᠎ᠤᠨ ᠬᠥᠭᠵᠢᠯᠲᠡ ᠵᠢᠨ ᠰᠠᠭᠤᠷᠢ ᠮᠦᠩᠬᠦ ᠳᠠᠳᠠᠪᠤᠷᠢᠯᠠᠬᠤ ᠪᠠᠷᠢᠮᠵᠢᠶ᠎ᠠ ᠵᠢ ᠳᠠᠬᠢᠨᠳᠠ ᠪᠠᠭᠤᠷᠠᠭᠤᠯᠤᠨ᠎ᠠ
ᠡᠳ᠋᠎ᠤᠨ ᠵᠠᠰᠠᠭ᠎ᠤᠨ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ 《ᠭᠠᠷᠠᠮ᠎ᠤᠨ ᠪᠥᠲᠥᠭᠡᠨ ᠪᠠᠶ᠋ᠢᠭᠤᠯᠤᠯᠲᠠ ᠵᠢᠨ ᠵᠠᠷᠤᠳᠠᠯ᠎ᠢ ᠬᠦᠴᠦᠨ ᠥᠬᠡᠶ ᠪᠣᠯᠭ᠋ᠠᠬᠤ ᠪᠠ ᠠᠷᠠᠳ᠎ᠤᠨ ᠠᠭ᠋ᠠᠷ᠎ᠤᠨ ᠠᠶᠠᠯᠠᠯ᠎ᠤᠨ ᠬᠥᠭᠵᠢᠯᠲᠡ ᠵᠢᠨ ᠰᠠᠭᠤᠷᠢ ᠮᠥᠩᠭᠦ ᠵᠢᠨ ᠬᠤᠯᠪᠣᠭᠳᠠᠯ ᠪᠥᠬᠦᠶ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ ᠲᠤᠬᠠᠶ ᠠᠯᠪᠠᠨ ᠵᠠᠷᠯᠠᠯ》᠎ᠳᠤ᠂ 2021 ᠣᠨ᠎ᠤ 4 ᠰᠠᠷ᠎ᠠ ᠵᠢᠨ 1᠎ᠠᠴᠠ ᠡᠬᠢᠯᠡᠨ᠂ ᠠᠭ᠋ᠠᠷ᠎ᠤᠨ ᠠᠶᠠᠯᠠᠯ᠎ᠤᠨ ᠺᠣᠮᠫᠠᠨᠢ ᠵᠢᠨ ᠳᠠᠳᠠᠪᠤᠷᠢᠯᠠᠬᠤ ᠠᠷᠠᠳ᠎ᠤᠨ ᠠᠭ᠋ᠠᠷ᠎ᠤᠨ ᠠᠶᠠᠯᠠᠯ᠎ᠤᠨ ᠬᠥᠭᠵᠢᠯᠲᠡ ᠵᠢᠨ ᠰᠠᠭᠤᠷᠢ ᠮᠥᠩᠭᠦ ᠵᠢ 《ᠵᠠᠰᠠᠭ᠎ᠤᠨ ᠣᠷᠳᠣᠨ᠎ᠤ ᠴᠢᠨᠠᠷᠲᠠᠶ ᠬᠡᠰᠡᠭ ᠰᠠᠭᠤᠷᠢ ᠮᠥᠩᠭᠦᠨ᠎ᠤ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ᠎ᠳᠤ ᠳᠤᠬᠢᠷᠠᠭᠤᠯᠤᠯᠳᠠ ᠬᠢᠬᠦ ᠲᠤᠬᠠᠢ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 ᠶᠤᠰᠤᠭ᠋ᠠᠷ 50%᠎ᠪᠠᠷ ᠪᠠᠭᠤᠷᠠᠭᠤᠯᠤᠭᠰᠠᠨ ᠰᠠᠭᠤᠷᠢᠨ ᠳᠡᠭᠡᠷ᠎ᠡ ᠳᠠᠬᠢᠭ᠋ᠠᠳ 20%᠎ᠪᠠᠷ ᠪᠠᠭᠤᠷᠠᠭᠤᠯᠤᠨ᠎ᠠ᠃