ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂ 2021 ᠣᠨ᠎ᠤ ᠪᠦᠬᠦ ᠣᠷᠣᠨ᠎ᠤ ᠠᠵᠢᠯ ᠣᠯᠭᠤᠵᠣ ᠦᠢ᠍ᠯᠡᠰ ᠴᠣᠭᠴᠠᠯᠠᠬᠤ ᠵᠢ ᠠᠬᠢᠭᠤᠯᠬᠤ ᠴᠤᠭᠯᠠᠭ᠋ᠠᠨ ᠵᠢᠴᠢ ᠬᠠᠪᠤᠷ᠎ᠤᠨ ᠤᠯᠠᠷᠢᠯ᠎ᠤᠨ ᠴᠢᠲᠠᠪᠤᠷᠢᠲᠠᠨ ᠤᠷᠢᠨ ᠡᠯᠰᠡᠬᠦ ᠴᠤᠭᠯᠠᠭ᠋ᠠᠨ 4 ᠰᠠᠷ᠎ᠠ ᠵᠢᠨ 10᠎ᠤ ᠡᠳᠦᠷ ᠦᠪᠤᠷ ᠮᠤᠩᠭᠤᠯ᠎ᠤᠨ ᠤᠯᠠᠨ ᠤᠯᠤᠰ᠎ᠤᠨ ᠬᠤᠷᠠᠯ ᠦᠵᠡᠰᠬᠦᠯᠠᠩ᠎ᠤᠨ ᠲᠦᠪ᠎ᠲᠤ ᠶᠠᠪᠤᠭᠲᠠᠬᠤ᠎ᠪᠠᠷ ᠪᠤᠢ᠃
ᠲᠠᠨᠢᠯᠴᠠᠭᠤᠯᠤᠭᠰᠠᠨ ᠵᠶ᠋ᠠᠷ᠂ ᠲᠣᠰ ᠤᠳᠠᠭ᠋ᠠᠨ᠎ᠤ ᠴᠢᠳᠠᠪᠤᠷᠢᠲᠠᠨ ᠣᠷᠢᠨ ᠡᠯᠰᠡᠬᠦ ᠴᠤᠭᠯᠠᠭ᠋ᠠᠨ᠎ᠤ ᠭᠤᠤᠯ ᠬᠤᠷᠠᠯ᠎ᠤᠨ ᠲᠠᠯᠠᠪᠠᠶ᠎ᠳᠤ ᠠᠵᠢᠯ ᠣᠯᠭᠤᠯᠲᠠ ᠦᠢ᠍ᠯᠡᠰ ᠴᠣᠭᠴᠠᠯᠠᠯᠲᠠ ᠵᠢᠨ ᠦᠷ᠎ᠡ ᠪᠦᠲᠦᠭᠡᠯ᠎ᠤᠨ ᠦᠵᠡᠭᠦᠯᠭᠡ ᠵᠢᠨ ᠲᠣᠭᠤᠷᠢᠭ᠂ ᠠᠵᠢᠯ ᠮᠡᠷᠭᠡᠵᠢᠯ ᠤᠷ᠎ᠠ ᠴᠢᠳᠠᠪᠤᠷᠢ ᠵᠢᠨ ᠦᠷ᠎ᠡ ᠪᠦᠲᠦᠭᠡᠯ᠎ᠤᠨ ᠦᠵᠡᠭᠦᠯᠭᠡ ᠵᠢᠨ ᠲᠣᠭᠤᠷᠢᠭ᠂ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠳᠠᠭ᠋ᠠᠭᠤᠯᠬᠤ ᠦᠵᠡᠭᠦᠯᠭᠡ ᠵᠢᠨ ᠲᠣᠭᠤᠷᠢᠭ ᠵᠡᠷᠭᠡ 3 ᠦᠵᠡᠭᠦᠯᠭᠡ ᠵᠢᠨ ᠲᠣᠭᠤᠷᠢᠭ ᠭᠠᠷᠭ᠋ᠠᠬᠤ ᠵᠢᠨ ᠬᠠᠮᠲᠤ ᠪᠠᠰᠠ ᠰᠦᠯᠵᠢᠶ᠎ᠡ᠎ᠪᠠᠷ ᠴᠢᠳᠠᠪᠤᠷᠢᠲᠠᠨ ᠡᠯᠰᠡᠬᠦ ᠲᠤᠰᠬᠠᠶ ᠲᠣᠭᠤᠷᠢᠭ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠡᠯᠰᠡᠬᠦ ᠲᠤᠰᠬᠠᠶ ᠲᠣᠭᠤᠷᠢᠭ᠂ ᠪᠡᠭᠡᠵᠢᠩ ᠥᠪᠥᠷ ᠮᠣᠩᠭᠤᠯ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠴᠢᠳᠠᠪᠤᠷᠢᠲᠠᠨ ᠡᠯᠰᠡᠬᠦ ᠲᠤᠰᠬᠠᠶ ᠲᠣᠭᠤᠷᠢᠭ᠂ ᠴᠡᠷᠢᠭ᠎ᠠᠴᠠ ᠬᠠᠯᠠᠭᠳᠠᠭᠰᠠᠳ ᠵᠢᠴᠢ ᠪᠤᠰᠤᠳ ᠠᠵᠢᠯ ᠣᠯᠭᠤᠯᠲᠠ ᠵᠢᠨ ᠭᠤᠤᠯᠳᠠᠯᠭ᠎ᠠ᠎ᠲᠠᠢ ᠬᠦᠮᠦᠰ᠎ᠢ ᠡᠯᠰᠡᠬᠦ ᠲᠤᠰᠬᠠᠶ ᠲᠣᠭᠤᠷᠢᠭ ᠵᠡᠷᠭᠡ 4 ᠲᠤᠰᠬᠠᠶ ᠲᠣᠭᠤᠷᠢᠭ ᠭᠠᠷᠭ᠋ᠠᠨ᠎ᠠ᠃ ᠡᠭᠦᠨ᠎ᠠᠴᠠ ᠭᠠᠳᠠᠨ᠎ᠠ᠂ ᠲᠣᠰ ᠤᠳᠠᠭ᠋ᠠᠨ᠎ᠤ ᠴᠢᠳᠠᠪᠤᠷᠢᠲᠠᠨ ᠤᠷᠢᠨ ᠡᠯᠰᠡᠬᠦ ᠴᠤᠭᠯᠠᠭ᠋ᠠᠨ ᠳᠡᠭᠡᠷ᠎ᠡ ᠲᠣᠮᠣ ᠳᠤᠮᠳᠠ ᠳᠡᠰ᠎ᠤᠨ ᠬᠤᠲᠠ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠬᠠᠮᠲᠤᠷᠠᠨ ᠡᠯᠰᠡᠬᠦ ᠲᠤᠰᠬᠠᠶ ᠠᠵᠢᠯᠯᠠᠭ᠎ᠠ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠠᠵᠢᠯᠲᠠᠨ ᠡᠯᠰᠡᠬᠦ ᠰᠠᠷ᠎ᠠ᠂ ᠬᠠᠪᠤᠷ᠎ᠤᠨ ᠤᠷᠢᠬᠠᠨ ᠰᠠᠯᠬᠢ ᠠᠵᠢᠯᠯᠠᠭ᠎ᠠ᠂ ᠥᠪᠥᠷ ᠮᠣᠩᠭᠤᠯ᠎ᠤᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ 《1+7》 ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠎ᠠ ᠵᠡᠷᠭᠡ ᠳᠥᠷᠪᠡᠨ ᠵᠦᠢ᠍ᠯ᠎ᠤᠨ ᠭᠤᠤᠯᠳᠠᠯᠭ᠎ᠠ᠎ᠲᠠᠢ ᠠᠵᠢᠯᠯᠠᠭ᠎ᠠ ᠵᠢ ᠴᠤ᠌ ᠵᠡᠷᠭᠡ᠎ᠪᠡᠷ ᠡᠬᠢᠯᠡᠭᠦᠯᠬᠦ ᠪᠣᠯᠤᠨ᠎ᠠ᠃
ᠴᠢᠲᠠᠪᠤᠷᠢᠲᠠᠨ ᠤᠷᠢᠨ ᠡᠯᠰᠡᠬᠦ ᠴᠤᠭᠯᠠᠭ᠋ᠠᠨ᠎ᠳᠤ 270 ᠦᠵᠡᠭᠦᠯᠭᠡ ᠵᠢᠨ ᠪᠠᠶ᠋ᠢᠷᠢ ᠭᠠᠷᠭ᠋ᠠᠵᠤ᠂ ᠣᠷᠣᠨ᠎ᠤ ᠳᠣᠲᠣᠨ᠎ᠠ ᠭᠠᠳᠠᠨᠠᠬᠢ ᠤᠯᠤᠰ᠎ᠤᠨ ᠥᠮᠴᠢᠯᠡᠯᠳᠦ᠂ ᠨᠡᠶ᠋ᠢᠲᠡ ᠵᠢᠨ ᠦᠮᠴᠢᠯᠡᠯᠳᠦ᠂ ᠬᠤᠪᠢ ᠣᠷᠣᠭᠤᠯᠬᠤ ᠲᠦᠷᠢᠮ᠎ᠳᠦ᠂ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠣᠷᠣᠭᠤᠯᠬᠤ᠂ ᠳᠡᠭᠡᠳᠦ ᠰᠢᠨ᠎ᠡ ᠮᠡᠷᠭᠡᠵᠢᠯ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯᠤᠨ ᠶᠡᠭᠡ ᠳᠡᠭᠡᠳᠦ ᠰᠤᠷᠭ᠋ᠠᠭᠤᠯᠢ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠡᠷᠭᠡ ᠬᠥᠮᠦᠨ ᠬᠡᠷᠡᠭᠯᠡᠬᠦ ᠡᠯ᠎ᠡ ᠲᠦᠷᠦᠯ᠎ᠤᠨ ᠨᠢᠭᠡᠴᠢ ᠵᠢ ᠤᠷᠢᠨ ᠣᠷᠣᠯᠴᠠᠭᠤᠯᠬᠤ ᠪᠣᠯᠣᠨ᠎ᠠ᠃ ᠵᠢᠱ᠌ᠢᠯᠲᠡ᠎ᠪᠠᠷ 3 ᠲᠦᠮᠡ ᠭᠠᠷᠤᠢ ᠡᠯ᠎ᠡ ᠲᠦᠷᠦᠯ᠎ᠤᠨ ᠳᠤᠮᠳᠠ ᠳᠡᠭᠡᠳᠦ ᠲᠡᠰ᠎ᠤᠨ ᠲᠤᠰᠬᠠᠢ ᠮᠡᠷᠭᠡᠵᠢᠯ᠎ᠤᠨ ᠴᠢᠳᠠᠪᠣᠷᠢᠳᠠᠨ᠂ ᠬᠠᠮᠢᠶᠠᠷᠤᠯᠲᠠ ᠵᠢᠨ ᠴᠢᠳᠠᠪᠤᠷᠢᠲᠠᠨ᠂ ᠶᠡᠭᠡ ᠳᠡᠭᠡᠳᠦ ᠰᠤᠷᠭ᠋ᠠᠭᠤᠯᠢ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠎ᠠᠴᠠ ᠲᠤᠰ ᠬᠤᠭᠤᠴᠠᠭ᠎ᠠ ᠲᠡᠭᠦᠰᠦᠭᠰᠡᠳ ᠪᠠ ᠲᠤᠰᠬᠠᠢ ᠮᠡᠷᠭᠡᠵᠢᠯ᠎ᠤᠨ ᠴᠢᠳᠠᠪᠤᠷᠢᠲᠠᠳ ᠴᠣᠭᠯᠠᠭ᠋ᠠᠨ᠎ᠳᠤ ᠣᠷᠣᠯᠴᠠᠬᠤ ᠪᠣᠯᠤᠨ᠎ᠠ᠃