ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠮᠠᠨ᠎ᠤ ᠣᠷᠣᠨ᠎ᠤ 200 ᠭᠠᠷᠤᠢ ᠲᠦᠮᠡᠨ ᠵᠠᠯᠠᠭᠤᠴᠤᠳ ᠪᠠᠭ᠋ᠠᠴᠤᠳ ᠬᠠᠩᠰᠢ ᠵᠢᠨ ᠡᠳᠦᠷ ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠬᠤ ᠠᠵᠢᠯᠯᠠᠭ᠎ᠠ᠎ᠳᠤ ᠣᠷᠣᠯᠴᠠᠵᠠᠢ
ᠨᠡᠶ᠋ᠢᠲᠡᠯᠡᠭᠰᠡᠨ ᠴᠠᠭ᠄ 2021-04-07

    ᠬᠠᠩᠰᠢ ᠵᠢᠨ ᠬᠤᠭᠤᠴᠠᠭ᠋ᠠᠨ᠎ᠳᠤ᠂ ᠮᠠᠨ᠎ᠤ ᠣᠷᠣᠨ᠎ᠤ ᠡᠯ᠎ᠡ ᠭᠠᠵᠠᠷ᠎ᠤᠨ 200 ᠭᠠᠷᠤᠢ ᠲᠦᠮᠡᠨ ᠡᠪᠯᠡᠯ᠎ᠤᠨ ᠭᠡᠰᠢᠭᠦᠨ ᠵᠠᠯᠠᠭᠤᠴᠤᠳ᠂ ᠪᠠᠭ᠋ᠠᠴᠤᠳ᠎ᠤᠨ ᠬᠤᠰᠢᠭᠤᠴᠢ ᠠᠩᠬᠢ ᠵᠢᠨ ᠭᠡᠰᠢᠭᠦᠳ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠵᠤ᠂ ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠬᠤ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠬᠤᠪᠢᠰᠬᠠᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠪᠢᠰᠬᠠᠯ᠎ᠤᠨ ᠭᠧᠨ᠎ᠢ ᠤᠯᠠᠮᠵᠢᠯᠠᠵᠤ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠰᠢᠨ᠎ᠡ ᠴᠠᠭ ᠦᠶ᠎ᠡ᠎ᠳᠤ ᠵᠢᠳᠬᠦᠨ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠪᠠ᠃
    ᠪᠠᠰᠠ ᠨᠢᠭᠡ ᠵᠢᠯ᠎ᠤᠨ ᠬᠠᠩᠰᠢ ᠵᠢᠨ ᠡᠳᠦᠷ᠂ ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠵᠤ᠂ ᠲᠡᠦᠬᠡ᠎ᠪᠠᠨ ᠪᠠᠲᠤ ᠴᠡᠭᠡᠵᠢᠯᠡᠪᠡ᠃ 4 ᠳ᠋ᠦ᠍ᠭᠡᠷ ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠤᠷᠢᠶ᠎ᠠ᠂ ᠪᠠᠭ᠋ᠠᠴᠤᠳ᠎ᠤᠨ ᠠᠵᠢᠯ᠎ᠤᠨ ᠬᠤᠷᠢᠶ᠎ᠠ᠂ ᠬᠥᠬᠡᠬᠤᠲᠠ ᠵᠢᠴᠢ ᠬᠤᠰᠢᠭᠤ ᠰᠢᠶᠠᠨ ᠲᠣᠭᠤᠷᠢᠭ᠎ᠤᠨ ᠡᠪᠯᠡᠯ᠎ᠤᠨ ᠬᠤᠷᠢᠶ᠎ᠠ᠂ ᠪᠠᠭ᠋ᠠᠴᠤᠳ᠎ᠤᠨ ᠠᠵᠢᠯ᠎ᠤᠨ ᠬᠤᠷᠢᠶ᠎ᠠ ᠵᠢᠨ ᠬᠠᠷᠢᠭᠤᠴᠠᠯᠭ᠋ᠠᠲᠠᠨ᠂ ᠬᠥᠬᠡᠬᠤᠲᠠ ᠵᠢᠨ ᠦᠨᠳᠦᠰᠦᠲᠡᠨ᠎ᠨᠦᠭᠦᠳ᠎ᠤᠨ ᠪᠠᠭ᠋ᠠᠴᠤᠳ᠎ᠤᠨ ᠬᠤᠰᠢᠭᠤᠴᠢ ᠠᠩᠭᠢ ᠵᠢᠨ 160 ᠭᠠᠷᠤᠶ ᠲᠥᠯᠥᠭᠡᠯᠡᠭᠴᠢ ᠬᠥᠬᠡᠬᠤᠲᠠ ᠵᠢᠨ ᠴᠢᠩ ᠴᠧᠩ ᠴᠡᠴᠡᠷᠯᠢᠭ᠎ᠤᠨ ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠬᠥᠰᠢᠶ᠎ᠡ ᠵᠢᠨ ᠡᠮᠦᠨ᠎ᠡ 《ᠤᠯᠠᠭ᠋ᠠᠨ ᠪᠥᠴᠡᠲᠡᠨ᠎ᠤ ᠰᠡᠳᠬᠢᠯ ᠨᠠᠮ᠎ᠳᠤ᠎ᠪᠠᠨ ᠲᠡᠮᠡᠦᠯᠵᠦ ᠬᠤᠪᠢᠰᠬᠠᠯ᠎ᠤᠨ ᠣᠴᠢ ᠵᠢ ᠦᠶ᠎ᠡ ᠵᠢᠨ ᠦᠶ᠎ᠡ᠎ᠳᠤ᠎ᠪᠠᠨ ᠤᠯᠠᠮᠵᠢᠯᠠᠶ᠎ᠠ》 ᠭᠡᠰᠡᠨ ᠰᠡᠳᠦᠪ ᠵᠶ᠋ᠠᠷ ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠬᠥᠰᠢᠶ᠎ᠡ ᠵᠢ ᠱᠦᠭᠦᠷᠳᠡᠨ ᠠᠷᠢᠯᠭ᠋ᠠᠬᠤ ᠠᠵᠢᠯᠯᠠᠭ᠎ᠠ ᠥᠷᠨᠢᠭᠦᠯᠵᠦ᠂ ᠦᠷᠡᠭᠳᠡᠭᠰᠡᠨ ᠪᠠᠭ᠋ᠠᠲᠤᠷᠴᠤᠳ ᠵᠶ᠋ᠠᠨ ᠭᠦᠨ ᠳᠤᠷᠠᠰᠤᠨ ᠰᠠᠨᠠᠭ᠋ᠠᠯᠵᠠᠪᠠ᠃ ᠠᠵᠢᠯᠯᠠᠭ᠎ᠠ ᠵᠢᠨ ᠳᠤᠮᠳᠠ᠂ ᠪᠦᠬᠦ ᠬᠥᠮᠦᠰ ᠪᠢᠰᠢᠷᠡᠨ ᠬᠦᠨᠳᠦᠳᠬᠡᠬᠦ ᠰᠡᠳᠬᠢᠯᠭᠡ᠎ᠪᠠᠷ ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠬᠦᠰᠢᠶ᠎ᠡ᠎ᠳᠤ ᠰᠣᠷᠭᠤᠭ ᠴᠡᠴᠡᠭ ᠬᠦᠷᠭᠡᠵᠦ᠂ ᠦᠷᠡᠭᠳᠡᠭᠰᠡᠨ ᠪᠠᠭ᠋ᠠᠲᠤᠷᠴᠤᠳ᠎ᠤᠨ ᠦᠢ᠍ᠯᠡ ᠠᠵᠢᠯᠯᠠᠭ᠎ᠠ ᠵᠢ ᠲᠣᠭ᠋ᠠᠴᠢᠨ ᠶᠠᠷᠢᠵᠤ᠂ ᠭᠡᠷᠡᠯ ᠰᠠᠴᠤᠷᠠᠩᠭᠤᠢ ᠥᠩᠭᠡᠷᠡᠯᠲᠡ ᠵᠢ ᠡᠷᠭᠢᠴᠡᠭᠦᠯᠪᠡ᠃
    ᠬᠠᠩᠰᠢ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠭ᠋ᠠᠴᠤᠳ᠎ᠤᠨ ᠠᠵᠢᠯ᠎ᠤᠨ ᠬᠤᠷᠢᠶ᠎ᠠ ᠵᠢᠨ᠎ᠬᠢᠨ 《ᠤᠯᠠᠭ᠋ᠠᠨ ᠪᠥᠴᠡᠲᠡᠨ᠎ᠤ ᠰᠡᠳᠬᠢᠯ ᠨᠠᠮ᠎ᠳᠤ᠎ᠪᠠᠨ ᠲᠡᠮᠡᠦᠯᠬᠦ》 ᠭᠤᠣᠯ ᠰᠡᠳᠦᠪ᠎ᠤᠨ ᠲᠣᠭᠤᠷᠢᠨ᠎ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠬᠡᠯᠪᠡᠷᠢ᠎ᠪᠠᠷ᠂ ᠦᠷᠡᠭᠳᠡᠭᠰᠡᠨ ᠪᠠᠭ᠋ᠠᠲᠤᠷᠴᠤᠳ᠎ᠤᠨ ᠦᠢ᠍ᠯᠡ ᠠᠵᠢᠯᠯᠠᠭ᠎ᠠ ᠵᠢ ᠰᠤᠷᠤᠯᠴᠠᠬᠤ᠂ ᠪᠠᠭ᠋ᠠᠴᠤᠳ᠎ᠤᠨ ᠬᠤᠰᠢᠭᠤᠴᠢ ᠠᠩᠭᠢ ᠵᠢᠨ ᠶᠣᠰᠣᠯᠠᠯ᠂ ᠭᠤᠣᠯ ᠰᠡᠳᠦᠪᠲᠦ ᠳᠤᠮᠳᠠ ᠠᠩᠭᠢ ᠵᠢᠨ ᠬᠤᠷᠠᠯ᠂ ᠰᠦᠯᠵᠢᠶᠡᠨ ᠳᠡᠭᠡᠷ᠎ᠡ ᠦᠷᠡᠭᠳᠡᠭᠰᠡᠨ ᠪᠠᠭ᠋ᠠᠲᠤᠷᠴᠤᠳ᠎ᠲᠤ ᠴᠡᠴᠡᠭ ᠡᠷᠭᠦᠬᠦ ᠵᠡᠷᠭᠡ ᠪᠣᠳᠠᠲᠠᠶ᠂ ᠠᠮᠢᠳᠤᠯᠢᠭ᠂ ᠬᠠᠯᠠᠭᠤᠨ ᠳᠤᠯᠠᠭ᠋ᠠᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠬᠤᠪᠢᠰᠬᠠᠯ᠎ᠤᠨ ᠬᠥᠮᠦᠵᠢᠯ᠎ᠤᠨ ᠰᠠᠭᠤᠷᠢᠨ ᠭᠠᠵᠠᠷ᠎ᠤᠨ ᠦᠢ᠍ᠯᠡᠳᠦᠯ᠎ᠢ ᠪᠠᠳᠠᠷᠠᠭᠤᠯᠵᠤ᠂ 《ᠬᠤᠪᠢᠰᠬᠠᠯ᠎ᠤᠨ ᠠᠵᠢᠯᠯᠠᠭ᠎ᠠ᠎ᠳᠤ ᠣᠷᠤᠯᠴᠠᠬᠤ》 ᠰᠤᠷᠤᠯᠴᠠᠯᠭ᠎ᠠ ᠦᠢ᠍ᠯᠡᠳᠦᠯᠭᠡ ᠵᠢ ᠪᠡᠶᠡᠴᠢᠯᠡᠨ ᠣᠶ᠋ᠢᠯᠠᠭ᠋ᠠᠬᠤ ᠠᠵᠢᠯᠯᠠᠭ᠎ᠠ ᠥᠷᠨᠢᠭᠦᠯᠵᠦ᠂ ᠥᠷᠭᠡᠨ ᠤᠯᠠᠨ ᠪᠠᠭ᠋ᠠᠴᠤᠳ᠎ᠤᠨ ᠬᠤᠰᠢᠭᠤᠴᠢ ᠠᠩᠬᠢ ᠵᠢᠨ ᠭᠡᠰᠢᠭᠦᠳ᠎ᠢ ᠬᠦᠳᠦᠯᠦᠨ ᠵᠢᠯᠣᠭᠤᠳᠴᠤ ᠦᠷᠡᠭᠳᠡᠭᠰᠡᠨ ᠪᠠᠭ᠋ᠠᠲᠤᠷᠴᠤᠳ᠎ᠤᠨ ᠦᠷᠡᠭᠳᠡᠯ ᠪᠠ ᠬᠤᠪᠢ ᠨᠡᠮᠡᠷᠢ ᠵᠢ ᠡᠭᠦᠷᠢᠳᠡ ᠪᠠᠲᠤ ᠴᠡᠭᠡᠵᠢᠯᠡᠭᠦᠯᠵᠦ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠨᠠᠮ ᠵᠶ᠋ᠠᠨ ᠬᠠᠶ᠋ᠢᠷᠠᠯᠠᠵᠤ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢ᠎ᠨᠢ ᠬᠥᠭᠵᠢᠭᠡᠵᠦ᠂ ᠪᠠᠭ᠋ᠠᠴᠤᠳ᠎ᠤᠨ ᠬᠤᠰᠢᠭᠤᠴᠢ ᠠᠩᠬᠢ ᠵᠢᠨ ᠵᠣᠬᠢᠶᠠᠨ ᠪᠠᠶ᠋ᠢᠭᠤᠯᠤᠯᠲᠠ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠦᠷᠨᠢᠭᠦᠯᠬᠦ ᠪᠦᠲᠦᠮᠵᠢᠲᠦ ᠴᠢᠨᠠᠷ᠂ ᠨᠥᠯᠥᠭᠡᠯᠡᠬᠦ ᠬᠦᠴᠦᠨ᠎ᠢ ᠳᠠᠰᠤᠷᠠᠯᠳᠠ ᠦᠬᠡᠢ ᠴᠢᠩᠭ᠋ᠠᠳᠬᠠᠪᠠ᠃   ᠡᠨᠡ ᠬᠤᠭᠤᠴᠠᠭ᠋ᠠᠨ᠎ᠳᠤ᠂ ᠪᠦᠬᠦ ᠣᠷᠣᠨ᠎ᠤ ᠡᠯ᠎ᠡ ᠭᠠᠵᠠᠷ᠎ᠤᠨ ᠡᠪᠯᠡᠯ᠎ᠤᠨ ᠭᠡᠰᠢᠭᠦᠨ ᠵᠠᠯᠠᠭᠤᠴᠤᠳ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠳᠤᠷᠠᠰᠬᠠᠯ᠎ᠤᠨ ᠣᠷᠳᠣᠨ᠂ ᠳᠤᠷᠠᠰᠬᠠᠯ᠎ᠤᠨ ᠬᠦᠷᠢᠶᠡᠯᠡᠩ᠂ ᠬᠠᠭᠤᠴᠢᠨ ᠰᠠᠭᠤᠴᠠ᠂ ᠬᠠᠭᠤᠴᠢᠨ ᠪᠠᠭᠤᠷᠢ ᠵᠡᠷᠭᠡ᠎ᠳᠤ ᠬᠦᠷᠴᠦ᠂ ᠦᠷᠡᠭᠳᠡᠭᠰᠡᠨ ᠪᠠᠭ᠋ᠠᠲᠤᠷᠴᠤᠳ ᠵᠶ᠋ᠠᠨ ᠭᠦᠨ ᠳᠤᠷᠠᠰᠤᠨ ᠰᠠᠨᠠᠭ᠋ᠠᠯᠵᠠᠵᠤ᠂ ᠪᠠᠭ᠋ᠠᠲᠤᠷᠴᠤᠳ᠎ᠤᠨ ᠤᠯᠤᠰ ᠠᠷᠠᠳ᠎ᠤᠨ ᠲᠥᠯᠥᠭᠡ ᠭᠡᠬᠦ ᠡᠷᠬᠢᠮ ᠳᠡᠭᠡᠳᠦ ᠬᠠᠶ᠋ᠢᠷ᠎ᠠ ᠰᠡᠳᠬᠢᠯᠭᠡ ᠵᠢ ᠭᠦᠨ ᠣᠶ᠋ᠢᠯᠠᠭ᠋ᠠᠵᠤ᠂ ᠲᠡᠳᠡᠨ᠎ᠤ ᠶᠠᠭᠤᠨ᠎ᠠᠴᠠ ᠴᠤ᠌ ᠴᠣᠴᠠᠬᠤ ᠦᠭᠡᠢ ᠵᠣᠷᠢᠭ ᠰᠠᠨᠠᠭ᠎ᠠ ᠵᠢ ᠳᠤᠷᠠᠰᠤᠨ ᠰᠠᠨᠠᠭ᠋ᠠᠯᠵᠠᠪᠠ᠃
    ᠤᠮᠠᠷᠠᠲᠤ ᠵᠢᠨ ᠬᠦᠨᠳᠦ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠡᠪᠯᠡᠯ᠎ᠤᠨ ᠬᠤᠷᠢᠶ᠎ᠠ ᠡᠪᠯᠡᠯ᠎ᠤᠨ ᠭᠡᠰᠢᠭᠦᠨ ᠵᠠᠯᠠᠭᠤᠴᠤᠳ᠎ᠢ ᠵᠣᠬᠢᠶᠠᠨ ᠪᠠᠶ᠋ᠢᠭᠤᠯᠵᠤ ᠤᠮᠠᠷᠠᠲᠤ ᠵᠢᠨ ᠴᠡᠷᠢᠭ᠎ᠤᠨ ᠵᠡᠪᠰᠡᠭ᠎ᠤᠨ ᠬᠤᠳᠠ ᠵᠢᠨ ᠦ᠋ ᠶᠦᠨ ᠳ᠋ᠦᠸᠧ ᠵᠢᠨ ᠱᠤᠭᠤᠮᠠᠯ᠎ᠤᠨ ᠡᠮᠦᠨ᠎ᠡ 《ᠨᠠᠮ᠎ᠤᠨ ᠲᠡᠦᠬᠡ ᠵᠢ ᠰᠤᠷᠤᠯᠴᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠨᠠᠮ ᠵᠶ᠋ᠠᠨ ᠳᠠᠭ᠋ᠠᠨ᠎ᠠ》 ᠭᠡᠰᠡᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠵᠦ᠂ ᠦ᠋ ᠶᠦᠨ ᠳ᠋ᠦᠸᠧ ᠵᠢᠨ ᠪᠠᠭ᠋ᠠᠲᠤᠷᠯᠢᠭ ᠦᠢ᠍ᠯᠡ ᠠᠵᠢᠯᠯᠠᠭ᠎ᠠ ᠵᠢ ᠰᠤᠷᠤᠯᠴᠠᠬᠤ᠂ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠡᠷᠭᠢᠴᠡᠭᠦᠯᠬᠦ᠂ ᠰᠣᠷᠭᠤᠭ ᠴᠡᠴᠡᠭ ᠬᠦᠷᠭᠡᠬᠦ ᠵᠡᠷᠭᠡ᠎ᠪᠠᠷ ᠳᠠᠮᠵᠢᠨ ᠦᠷᠡᠭᠳᠡᠭᠰᠡᠨ ᠪᠠᠭ᠋ᠠᠲᠤᠷᠴᠤᠳ ᠵᠶ᠋ᠠᠨ ᠭᠦᠨ ᠳᠤᠷᠠᠰᠤᠨ ᠰᠠᠨᠠᠭ᠋ᠠᠯᠵᠠᠵᠤ᠂ ᠵᠠᠯᠠᠭᠤ ᠡᠪᠯᠡᠯ᠎ᠤᠨ ᠭᠡᠰᠢᠭᠦᠳ᠎ᠲᠤ ᠰᠢᠨ᠎ᠡ ᠴᠠᠭ ᠦᠶ᠎ᠡ ᠵᠢᠨ ᠢᠷᠠᠭᠤ ᠠᠯᠳᠠᠷᠲᠤ ᠡᠭᠦᠷᠭᠡ ᠵᠢ ᠡᠭᠦᠷᠭᠡᠯᠡᠵᠦ᠂ ᠲᠤᠬᠠᠶ᠋ᠢᠯᠠᠭᠰᠠᠨ ᠠᠵᠢᠯ ᠵᠶ᠋ᠠᠨ ᠰᠠᠶ᠋ᠢᠲᠤᠷ ᠬᠢᠲᠤᠭᠡᠢ ᠭᠡᠵᠦ ᠤᠷᠢᠶᠠᠯᠠᠪᠠ᠃ ᠬᠢᠩᠭ᠋ᠠᠨ᠎ᠤ ᠢᠯᠴᠢ ᠵᠢᠨ ᠴᠠᠬᠢᠯᠭ᠋ᠠᠨ᠎ᠤ ᠺᠣᠮᠫᠠᠨᠢ ᠵᠢᠨ ᠠᠵᠢᠯᠯᠠᠭ᠋ᠠᠨ᠎ᠤ ᠬᠡᠯᠲᠡᠰ᠎ᠤᠨ ᠨᠠᠮ᠎ᠤᠨ ᠡᠭᠦᠷ ᠨᠠᠮ᠎ᠤᠨ ᠭᠡᠰᠢᠭᠦᠨ᠂ ᠡᠪᠯᠡᠯ᠎ᠤᠨ ᠭᠡᠰᠢᠭᠦᠨ᠎ᠢ ᠵᠣᠬᠢᠶᠠᠨ ᠪᠠᠶ᠋ᠢᠭᠤᠯᠤᠨ ᠤᠯᠠᠭ᠋ᠠᠨᠬᠤᠲᠠ ᠵᠢᠨ ᠦᠷᠡᠭᠳᠡᠭᠰᠡᠨ ᠪᠠᠭ᠋ᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠤ ᠬᠦᠷᠴᠦ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠳᠠᠬᠢᠨ ᠰᠠᠨᠠᠭ᠋ᠠᠯᠵᠠᠵᠤ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃ ᠤᠯᠠᠨ ᠵᠶ᠋ᠠᠷ ᠵᠶ᠋ᠠᠨ ᠢᠯᠡᠳᠬᠡᠬᠦ᠎ᠳᠤ᠎ᠪᠠᠨ᠂ ᠦᠷᠡᠭᠳᠡᠭᠰᠡᠨ ᠪᠠᠭ᠋ᠠᠲᠤᠷᠴᠤᠳ᠎ᠤᠨ ᠡᠷᠬᠢᠮ ᠳᠡᠭᠡᠳᠦ ᠵᠣᠷᠢᠭ ᠰᠠᠨᠠᠭ᠎ᠠ ᠵᠢ ᠰᠤᠷᠤᠯᠴᠠᠵᠥ᠂ ᠲᠡᠦᠬᠡ ᠵᠢ ᠰᠤᠷᠤᠯᠴᠠᠵᠦ ᠶᠣᠰᠣ ᠤᠴᠢᠷ᠎ᠢ ᠣᠶ᠋ᠢᠯᠠᠭ᠋ᠠᠬᠤ᠂ ᠲᠡᠦᠬᠡ ᠵᠢ ᠰᠤᠷᠤᠯᠴᠠᠵᠦ ᠢᠲᠡᠭᠡᠯ ᠵᠶ᠋ᠠᠨ ᠨᠡᠮᠡᠭᠳᠡᠭᠦᠯᠬᠦ᠂ ᠲᠡᠦᠬᠡ ᠵᠢ ᠰᠤᠷᠤᠯᠴᠠᠵᠦ ᠶᠣᠰᠣ ᠰᠤᠷᠲᠠᠬᠤᠨ᠎ᠢ ᠡᠷᠬᠢᠮᠯᠡᠬᠦ᠂ ᠲᠡᠦᠬᠡ ᠵᠢ ᠰᠤᠷᠤᠯᠴᠠᠵᠦ ᠠᠤᠭ᠎ᠠ ᠬᠦᠴᠦᠨ ᠪᠣᠯᠭ᠋ᠠᠬᠤ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠦᠨᠡᠨ ᠪᠣᠳᠠᠲᠠᠢ ᠭᠦᠨ ᠭᠦᠨᠵᠡᠭᠡᠢ ᠬᠢᠵᠦ᠂ ᠲᠠᠷᠢᠬᠢᠨ᠎ᠳᠤ ᠬᠠᠳᠠᠩᠰᠢᠭᠤᠯᠵᠤ ᠰᠡᠳᠬᠢᠯ᠎ᠳᠤ ᠬᠤᠨᠤᠭᠰᠢᠭᠤᠯᠤᠨ᠎ᠠ ᠭᠡᠪᠡ᠃
    《ᠥᠨᠥᠳᠦᠷ ᠪᠢᠳᠡ ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠵᠤ ᠪᠠᠶ᠋ᠢᠭ᠎ᠠ᠎ᠨᠢ ᠳᠠᠷᠤᠶ ᠪᠠᠭ᠋ᠠᠲᠤᠷᠴᠤᠳ᠎ᠲᠤ ᠬᠦᠨᠳᠦᠳᠬᠡᠯ ᠳᠡᠪᠰᠢᠭᠦᠯᠵᠦ ᠪᠠᠶ᠋ᠢᠭ᠎ᠠ ᠶᠠᠪᠤᠳᠠᠯ ᠮᠥᠨ᠂ ᠪᠢᠳᠡ ᠲᠡᠳᠡᠨ᠎ᠤ ᠠᠭᠤᠤ ᠭᠠᠪᠢᠶ᠎ᠠ ᠠᠤᠭ᠎ᠠ ᠵᠢᠳᠬᠦᠯ ᠪᠣᠯᠤᠨ ᠠᠭᠤᠤ ᠶᠡᠭᠡ ᠵᠣᠷᠢᠭ ᠰᠠᠨᠠᠭ᠎ᠠ ᠵᠢ ᠥᠨᠢ ᠡᠭᠦᠷᠢᠳᠡ ᠪᠠᠲᠤ ᠴᠡᠭᠡᠵᠢᠯᠡᠨ᠎ᠡ》 ᠭᠡᠵᠦ ᠥᠪᠥᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠭᠡ ᠰᠤᠷᠭ᠋ᠠᠭᠤᠯᠢ ᠵᠢᠨ ᠡᠪᠯᠡᠯ᠎ᠤᠨ ᠬᠤᠷᠢᠶ᠎ᠠ ᠵᠢᠨ ᠳᠡᠳ᠋ ᠱᠦᠵᠢ ᠪᠦᠦ ᠸᠧᠨ ᠰᠢᠶᠠᠨ ᠬᠡᠯᠡᠪᠡ᠃ 《ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠬᠤ ᠪᠣᠯ ᠳᠠᠷᠤᠢ ᠪᠠᠭ᠋ᠠᠲᠤᠷᠴᠤᠳ᠎ᠢ ᠲᠠᠶ᠋ᠢᠳᠬᠤᠷᠠᠭᠤᠯᠬᠤ ᠶᠠᠪᠤᠳᠠᠯ ᠮᠥᠨ; ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠬᠤ ᠪᠣᠯ ᠳᠠᠷᠤᠢ ᠢᠷᠡᠭᠰᠡᠨ ᠵᠠᠮ ᠵᠶ᠋ᠠᠨ ᠦᠯᠦ ᠮᠠᠷᠲᠠᠬᠤ ᠶᠠᠪᠤᠳᠠᠯ ᠮᠥᠨ; ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠬᠤ ᠪᠣᠯ ᠳᠠᠷᠤᠢ ᠡᠭᠦᠷᠭᠡ ᠬᠠᠷᠢᠭᠤᠴᠠᠯᠭ᠎ᠠ᠎ᠪᠠᠨ ᠬᠠᠲᠠᠭᠤᠵᠢᠭᠤᠯᠵᠤ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠤᠯᠤᠰ ᠣᠷᠤᠨ ᠵᠶ᠋ᠠᠨ ᠬᠠᠶ᠋ᠢᠷᠠᠯᠠᠬᠤ ᠬᠠᠶ᠋ᠢᠷ᠎ᠠ ᠰᠡᠳᠬᠢᠯᠭᠡ ᠵᠢ ᠵᠤᠵᠠᠭ᠋ᠠᠳᠬᠠᠵᠤ᠂ ᠬᠤᠪᠢᠰᠬᠠᠯ᠎ᠤᠨ ᠭᠧᠨ᠎ᠢ ᠤᠯᠠᠮᠵᠢᠯᠠᠵᠤ᠂ ᠵᠣᠷᠢᠭ ᠰᠠᠨᠠᠭ᠋ᠠᠨ᠎ᠤ ᠰᠤᠳᠠᠰᠤ᠎ᠪᠠᠨ ᠦᠷᠭᠦᠯᠵᠢᠯᠡᠭᠦᠯᠬᠦ ᠶᠠᠪᠤᠳᠠᠯ ᠮᠥᠨ᠃ ᠵᠠᠯᠠᠭᠤᠴᠤᠳ᠎ᠤᠨ ᠰᠡᠳᠬᠢᠯ ᠨᠠᠮ᠎ᠳᠤ᠎ᠪᠠᠨ ᠬᠠᠨᠳᠤᠵᠤ᠂ ᠴᠢᠷᠮᠠᠶ᠋ᠢᠨ ᠲᠡᠮᠡᠴᠡᠬᠦ ᠴᠠᠭ ᠦᠶ᠎ᠡ᠎ᠳᠤ᠂ ᠪᠢᠳᠡ ᠰᠢᠨ᠎ᠡ ᠴᠠᠭ ᠦᠶ᠎ᠡ ᠵᠢᠨ ᠰᠢᠨ᠎ᠡ ᠵᠠᠯᠠᠭᠤᠴᠤᠳ ᠪᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠥᠪᠥᠷ ᠮᠣᠩᠭᠤᠯ᠎ᠤᠨ ᠶᠡᠭᠡ ᠰᠤᠷᠭ᠋ᠠᠭᠤᠯᠢ ᠵᠢᠨ ᠲᠡᠦᠬᠡ ᠪᠣᠯᠤᠨ ᠵᠢᠭᠤᠯᠴᠢᠯᠠᠯ᠎ᠤᠨ ᠰᠣᠶᠣᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠯᠢᠶᠠᠩ ᠸᠧᠨ ᠮᠧᠢ ᠬᠡᠯᠡᠪᠡ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ ᠡᠬᠢᠯᠡᠪᠡ
ᠪᠦᠬᠦ ᠤᠯᠤᠰ᠎ᠤᠨ ᠡᠮᠡᠭᠲᠡᠶ ᠵᠢᠨ ᠨᠢᠳᠤᠷᠭ᠋ᠠᠨ ᠲᠡᠮᠡᠴᠡᠭᠡᠨ᠎ᠤ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠥᠪᠥᠷ ᠮᠣᠩᠭᠣᠯ 2 ᠠᠯᠲᠠᠨ ᠮᠧᠳᠠᠯ 1 ᠮᠥᠩᠭᠥᠨ ᠮᠧᠳᠠᠯ 2 ᠬᠦᠷᠡᠯ ᠮᠧᠳᠠᠯ ᠣᠯᠪᠠ
ᠲᠣᠪᠴᠢᠶᠠᠨ ᠳᠠᠷᠤᠭ᠎ᠠ ᠲᠠᠨ ᠵᠢᠩ ᠹᠸᠩ ᠬᠢᠩᠭ᠋ᠠᠨ ᠠᠶ᠋ᠢᠮᠠᠭ᠎ᠲᠤ ᠪᠡᠶ᠎ᠡ ᠵᠢᠨ ᠲᠠᠮᠢᠷ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ
ᠠᠽᠢᠶ᠎ᠠ ᠲᠢᠪ᠎ᠤᠨ ᠵᠢᠦᠳᠣᠣ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠨ 3 ᠭᠠᠤᠯᠢᠨ ᠮᠧᠳᠠᠯ ᠣᠯᠪᠠ
ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠡᠶ᠎ᠡ ᠵᠢᠨ ᠲᠠᠮᠢᠷ᠎ᠤᠨ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠵᠠᠰᠠᠯᠲᠠ ᠵᠢᠨ ᠲᠤᠰᠬᠠᠶ ᠠᠵᠢᠯᠯᠠᠭ᠎ᠠ ᠥᠷᠨᠢᠭᠦᠯᠪᠡ
 
            