ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠲᠣᠪᠴᠢᠶᠠᠨ ᠳᠠᠷᠤᠭ᠎ᠠ ᠲᠠᠨ ᠵᠢᠩ ᠹᠸᠩ ᠬᠢᠩᠭ᠋ᠠᠨ ᠠᠶ᠋ᠢᠮᠠᠭ᠎ᠲᠤ ᠪᠡᠶ᠎ᠡ ᠵᠢᠨ ᠲᠠᠮᠢᠷ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2021-04-09

   

    4 ᠰᠠᠷ᠎ᠠ ᠵᠢᠨ 6᠎ᠤ ᠡᠳᠦᠷ᠎ᠠᠴᠠ 7᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ ᠲᠠᠨ ᠵᠢᠩ ᠹᠸᠩ ᠬᠢᠩᠭ᠋ᠠᠨ ᠠᠶ᠋ᠢᠮᠠᠭ᠎ᠲᠤ ᠪᠡᠶ᠎ᠡ ᠵᠢᠨ ᠲᠠᠮᠢᠷ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ᠃


    

    ᠲᠣᠪᠴᠢᠶᠠᠨ ᠳᠠᠷᠤᠭ᠎ᠠ ᠲᠠᠨ ᠵᠢᠩ   ᠹᠸᠩ ᠤᠷᠢᠳ ᠬᠣᠵᠢᠳ ᠬᠢᠩᠭ᠋ᠠᠨ ᠠᠶ᠋ᠢᠮᠠᠭ᠎ᠤᠨ ᠪᠡᠶ᠎ᠡ ᠵᠢᠨ ᠲᠠᠮᠢᠷ᠎ᠤᠨ ᠣᠷᠳᠣᠨ᠂ ᠬᠢᠩᠭ᠋ᠠᠨ ᠠᠶ᠋ᠢᠮᠠᠭ᠎ᠤᠨ ᠪᠡᠶ᠎ᠡ ᠵᠢᠨ ᠲᠠᠮᠢᠷ᠎ᠤᠨ ᠲᠠᠯᠠᠪᠠᠶ᠂ ᠤᠯᠠᠭ᠋ᠠᠨᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠠᠶ᠂ ᠤᠯᠠᠭ᠋ᠠᠨᠬᠣᠲᠠ ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ ᠬᠢᠭᠡᠳ ᠡᠷᠡᠭᠦᠯ ᠮᠡᠨᠳᠦ ᠵᠢᠨ ᠲᠥᠪ ᠵᠢᠴᠢ ᠡᠪᠦᠯ᠎ᠤᠨ ᠤᠮᠪᠠᠯᠲᠠ ᠵᠢᠨ ᠨᠡᠶ᠋ᠢᠭᠡᠮᠯᠢᠭ᠎ᠲᠤ ᠬᠦᠷᠴᠦ᠂ ᠪᠡᠶ᠎ᠡ ᠵᠢᠨ ᠲᠠᠮᠢᠷ᠎ᠤᠨ ᠲᠠᠯᠠᠪᠠᠶ ᠣᠷᠳᠣᠨ᠎ᠤ ᠪᠥᠲᠥᠭᠡᠨ ᠪᠠᠶ᠋ᠢᠭᠤᠯᠤᠯᠲᠠ᠂ ᠡᠵᠡᠩᠨᠡᠯᠲᠡ᠂ ᠠᠮᠤᠷ ᠲᠦᠪᠰᠢᠨ᠎ᠤ ᠬᠠᠮᠢᠶᠠᠷᠤᠯᠲᠠ᠂   ᠰᠦᠢ᠍ᠳᠭᠡᠯ ᠪᠠᠭ᠎ᠠ ᠬᠤᠷᠢᠶᠠᠵᠤ ᠨᠡᠭᠡᠭᠡᠯᠲᠡ ᠬᠢᠬᠦ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠣᠯᠠᠨ ᠲᠦᠮᠡᠨᠴᠢ ᠴᠢᠨᠠᠷᠲᠠᠶ ᠤᠷᠤᠯᠳᠤᠭ᠋ᠠᠨ᠎ᠤ ᠠᠵᠢᠯᠯᠠᠭ᠎ᠠ ᠵᠢᠨ ᠰᠠᠭᠤᠷᠢ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠥᠷᠭᠡᠨ ᠣᠯᠠᠨ ᠪᠡᠶ᠎ᠡ ᠵᠢᠨ ᠲᠠᠮᠢᠷ᠎ᠲᠤ ᠪᠠᠬᠠᠲᠠᠶ ᠬᠥᠮᠦᠰ᠎ᠲᠤ ᠴᠢᠨᠠᠷ ᠰᠠᠶ᠋ᠢᠲᠠᠶ ᠦᠢ᠍ᠯᠡᠴᠢᠯᠡᠭᠡ ᠬᠠᠩᠭ᠋ᠠᠵᠤ᠂ ᠠᠷᠠᠳ ᠣᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠥ ᠠᠷᠠᠳ᠎ᠤᠨ ᠡᠷᠡᠭᠦᠯ ᠴᠢᠭᠢᠷᠠᠭ᠎ᠤᠨ ᠭᠦᠨᠵᠡᠭᠡᠶ ᠠᠭᠤᠰᠤᠯᠴᠠᠬᠤ ᠵᠢ ᠲᠦᠷᠭᠡᠳᠬᠡᠨ ᠠᠬᠢᠭᠤᠯᠵᠤ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ᠎ᠳᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃ ᠲᠣᠪᠴᠢᠶᠠᠨ ᠳᠠᠷᠤᠭ᠎ᠠ ᠲᠠᠨ ᠵᠢᠩ ᠹᠸᠩ ᠪᠠᠰᠠ ᠬᠢᠩᠭ᠋ᠠᠨ ᠠᠶ᠋ᠢᠮᠠᠭ᠎ᠤᠨ ᠪᠡᠶ᠎ᠡ ᠵᠢᠨ ᠲᠠᠮᠢᠷ᠎ᠤᠨ ᠳᠤᠮᠳᠠᠳᠤ ᠰᠤᠷᠭ᠋ᠠᠭᠤᠯᠢ᠂ ᠤᠯᠠᠭ᠋ᠠᠨᠬᠣᠲᠠ ᠵᠢᠨ ᠬᠥᠯ ᠪᠥᠮᠪᠥᠭᠡ ᠵᠢᠨ ᠵᠠᠯᠠᠭᠤᠴᠤᠳ᠎ᠤᠨ ᠪᠣᠯᠪᠠᠰᠤᠷᠠᠯ᠎ᠤᠨ ᠲᠥᠪ᠎ᠲᠤ ᠬᠦᠷᠴᠦ ᠬᠥᠯ ᠪᠥᠮᠪᠥᠭᠡ ᠵᠢᠨ ᠲᠠᠯᠠᠪᠠᠶ ᠵᠢᠨ ᠪᠥᠲᠥᠭᠡᠨ ᠪᠠᠶ᠋ᠢᠭᠤᠯᠤᠯᠲᠠ ᠪᠠ ᠬᠥᠯ ᠪᠥᠮᠪᠥᠭᠡ ᠵᠢᠨ ᠠᠩᠭᠢ ᠵᠢᠨ ᠪᠣᠯᠪᠠᠰᠤᠷᠠᠯ᠎ᠤᠨ ᠪᠡᠯᠡᠳᠬᠡᠯ᠎ᠤᠨ ᠪᠠᠶ᠋ᠢᠳᠠᠯ᠎ᠢ ᠣᠶ᠋ᠢᠯᠠᠭ᠋ᠠᠭᠰᠠᠨ ᠪᠥᠭᠡᠳ ᠭᠠᠳᠠᠭ᠋ᠠᠳᠤ ᠵᠢᠨ ᠬᠠᠷᠢᠶᠠᠲᠤ ᠬᠥᠯ ᠪᠥᠮᠪᠥᠭᠡ ᠵᠢᠨ ᠳᠠᠰᠬᠠᠯᠵᠢᠭᠤᠯᠤᠭᠴᠢ᠂ ᠪᠡᠶ᠎ᠡ ᠴᠢᠭᠢᠷᠠᠭᠵᠢᠭᠤᠯᠬᠤ ᠣᠯᠠᠨ ᠲᠦᠮᠡᠨ᠎ᠲᠠᠢ ᠳᠣᠲᠣᠨᠣ᠎ᠪᠠᠷ ᠶᠠᠷᠢᠯᠴᠠᠪᠠ᠃
    ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠠᠯᠪᠠᠨ ᠭᠡᠷ᠂ ᠬᠢᠩᠭ᠋ᠠᠨ ᠠᠶ᠋ᠢᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠤᠯᠠᠭ᠋ᠠᠨᠬᠣᠲᠠ ᠵᠢᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠪᠠᠷ᠎ᠠ ᠪᠣᠯᠵᠤ ᠪᠠᠶ᠋ᠢᠴᠠᠭ᠋ᠠᠨ ᠰᠤᠳᠤᠯᠤᠯᠲᠠ ᠬᠢᠪᠡ᠃

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠽᠢᠶ᠎ᠠ ᠲᠢᠪ᠎ᠤᠨ ᠵᠢᠦᠳᠣᠣ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠨ 3 ᠭᠠᠤᠯᠢᠨ ᠮᠧᠳᠠᠯ ᠣᠯᠪᠠ
ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠡᠶ᠎ᠡ ᠵᠢᠨ ᠲᠠᠮᠢᠷ᠎ᠤᠨ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠵᠠᠰᠠᠯᠲᠠ ᠵᠢᠨ ᠲᠤᠰᠬᠠᠶ ᠠᠵᠢᠯᠯᠠᠭ᠎ᠠ ᠥᠷᠨᠢᠭᠦᠯᠪᠡ
ᠪᠦᠬᠦ ᠤᠯᠤᠰ᠎ᠤᠨ ᠵᠢᠦᠳᠣᠣ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠨ 2 ᠠᠯᠲᠠᠨ ᠮᠧᠳᠠᠯ 4 ᠬᠦᠷᠡᠯ ᠮᠧᠳᠠᠯ ᠣᠯᠪᠠ
ᠬᠥᠯᠥᠨ ᠪᠣᠶ᠋ᠢᠷ 《ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ ᠰᠢᠨᠵᠢᠯᠡᠬᠦ ᠤᠬᠠᠭ᠋ᠠᠨ ᠮᠡᠷᠭᠡᠵᠢᠯ ᠪᠡᠶ᠎ᠡ ᠵᠢᠨ ᠲᠠᠮᠢᠷ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》 ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠪᠰᠤᠷᠤᠨ ᠵᠢᠯᠣᠭᠣᠳᠣᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠪᠡ
ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠦ ᠪᠠᠶ᠋ᠢᠨ᠎ᠠ
 
            