ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠪᠦᠬᠦ ᠤᠯᠤᠰ᠎ᠤᠨ ᠡᠮᠡᠭᠲᠡᠶ ᠵᠢᠨ ᠨᠢᠳᠤᠷᠭ᠋ᠠᠨ ᠲᠡᠮᠡᠴᠡᠭᠡᠨ᠎ᠤ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠥᠪᠥᠷ ᠮᠣᠩᠭᠣᠯ 2 ᠠᠯᠲᠠᠨ ᠮᠧᠳᠠᠯ 1 ᠮᠥᠩᠭᠥᠨ ᠮᠧᠳᠠᠯ 2 ᠬᠦᠷᠡᠯ ᠮᠧᠳᠠᠯ ᠣᠯᠪᠠ
ᠨᠡᠶ᠋ᠢᠲᠡᠯᠡᠭᠰᠡᠨ ᠴᠠᠭ᠄ 2021-04-09

     4 ᠰᠠᠷ᠎ᠠ ᠵᠢᠨ 3᠎ᠤ ᠡᠳᠦᠷ᠎ᠠᠴᠠ 7᠎ᠤ ᠡᠳᠦᠷ ᠪᠣᠯᠲᠠᠯ᠎ᠠ᠂ 2021 ᠣᠨ᠎ᠤ ᠪᠥᠬᠥ ᠤᠯᠤᠰ᠎ᠤᠨ ᠡᠮᠡᠭᠲᠡᠶ ᠵᠢᠨ ᠨᠢᠳᠤᠷᠭ᠋ᠠᠨ ᠲᠡᠮᠡᠴᠡᠭᠡᠨ᠎ᠤ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ ᠵᠢᠴᠢ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠨᠢᠳᠤᠷᠭ᠋ᠠᠨ ᠲᠡᠮᠡᠴᠡᠭᠡᠨ᠎ᠤ ᠲᠥᠷᠥᠯ ᠵᠦᠢ᠍ᠯ᠎ᠤᠨ ᠬᠢᠷᠢ ᠬᠡᠮ᠎ᠤᠨ ᠤᠷᠤᠯᠳᠤᠭ᠋ᠠᠨ (ᠨᠢᠭᠡᠳᠦᠭᠡᠷ ᠥᠷᠲᠡᠭᠡ) ᠴᠦᠩᠴᠢᠩ᠎ᠤᠨ ᠷᠦᠩᠴᠠᠩ ᠬᠣᠲᠠ᠎ᠳᠤ ᠶᠠᠪᠤᠭᠳᠠᠵᠤ᠂ ᠪᠥᠬᠥ ᠤᠯᠤᠰ᠎ᠤᠨ 34 ᠲᠥᠯᠥᠭᠡᠯᠡᠭᠴᠢᠳ᠎ᠤᠨ ᠠᠩᠭᠢ᠂ 184 ᠲᠠᠮᠢᠷᠴᠢᠨ ᠤᠷᠤᠯᠳᠤᠭ᠋ᠠᠨ᠎ᠳᠤ ᠣᠷᠣᠯᠴᠠᠪᠠ᠃ ᠥᠪᠥᠷ ᠮᠣᠩᠭᠣᠯ ᠨᠡᠶ᠋ᠢᠲᠡ 17 ᠲᠠᠮᠢᠷᠴᠢᠨ ᠲᠣᠮᠢᠯᠠᠨ 7 ᠲᠠᠰ᠎ᠤᠨ ᠤᠷᠤᠯᠳᠤᠭ᠋ᠠᠨ᠎ᠳᠤ ᠣᠷᠣᠯᠴᠠᠭᠤᠯᠵᠤ᠂ ᠡᠴᠦᠰ᠎ᠲᠡᠭᠡᠨ 2 ᠠᠯᠲᠠᠨ ᠮᠧᠳᠠᠯ 1 ᠮᠥᠩᠭᠥᠨ ᠮᠧᠳᠠᠯ 2 ᠭᠠᠤᠯᠢᠨ ᠮᠧᠳᠠᠯ᠂ 7 ᠲᠠᠪᠤᠳᠤᠭ᠋ᠠᠷ᠎ᠲᠤ ᠣᠷᠣᠵᠠᠶ᠃ ᠥᠪᠥᠷ ᠮᠣᠩᠭᠣᠯ᠎ᠤᠨ ᠠᠩᠭᠢ ᠪᠡᠶ᠎ᠡ ᠵᠢᠨ ᠲᠠᠮᠢᠷ᠎ᠤᠨ ᠶᠣᠰᠣ ᠮᠣᠷᠠᠯ᠎ᠤᠨ ᠱᠠᠩᠨᠠᠯ ᠬᠦᠷᠲᠡᠪᠡ᠃


    ᠯᠢ ᠴᠢᠶᠠᠨ ᠲᠣᠣᠺᠢᠣ᠋ ᠵᠢᠨ ᠣᠯᠢᠮᠫᠢᠺ᠎ᠤᠨ ᠴᠤᠭᠯᠠᠭ᠋ᠠᠨ᠎ᠳᠤ ᠣᠷᠣᠯᠴᠠᠬᠤ   ᠬᠢᠷᠢ ᠬᠡᠮ᠎ᠢ ᠣᠯᠤᠭᠰᠠᠨ᠎ᠠᠴᠠ ᠲᠤᠰ ᠤᠳᠠᠭ᠋ᠠᠨ᠎ᠤ ᠤᠷᠤᠯᠳᠤᠭ᠋ᠠᠨ᠎ᠳᠤ ᠣᠷᠣᠯᠴᠠᠬᠤ ᠴᠢᠬᠤᠯᠠ ᠦᠭᠡᠢ᠎ᠪᠠᠷ ᠰᠢᠭᠤᠳ 75 ᠺᠢᠯᠣᠭ᠌ᠷᠠᠮ᠎ᠤᠨ ᠲᠡᠰ᠎ᠤᠨ ᠨᠢᠭᠡᠳᠦᠭᠡᠷ᠎ᠲᠤ ᠣᠷᠣᠪᠠ᠂ ᠶᠠᠩ ᠯᠢᠦ ᠥᠪᠥᠷ ᠮᠣᠩᠭᠣᠯ᠎ᠢ ᠲᠦᠯᠦᠭᠡᠯᠡᠵᠦ᠂ ᠳ᠋ᠧᠦ ᠳ᠋ᠠᠨ ᠬᠥᠬᠡᠨᠠᠭᠤᠷ᠎ᠢ ᠲᠦᠯᠦᠭᠡᠯᠡᠵᠦ᠂ ᠸᠠᠩ ᠳ᠋ᠦᠩ ᠮᠧᠶ ᠱᠠᠨ ᠰᠢ ᠵᠢ ᠲᠥᠯᠥᠭᠡᠯᠡᠨ ᠲᠣᠰ ᠲᠣᠰ 69 ᠺᠢᠯᠣᠭ᠌ᠷᠠᠮ᠎ᠤᠨ ᠲᠠᠰ᠎ᠤᠨ ᠨᠢᠭᠡᠳᠦᠭᠡᠷ ᠨᠡᠷᠡᠰ ᠂ ᠬᠣᠶᠠᠳᠤᠭ᠋ᠠᠷ ᠨᠡᠷᠡᠰ   ᠪᠠ ᠭᠤᠷᠪᠠᠳᠤᠭ᠋ᠠᠷ ᠨᠡᠷᠡᠰ᠎ᠲᠤ ᠣᠷᠤᠪᠠ  ᠃ ᠵᠢᠶᠠ ᠶᠠᠨ ᠠᠨᠾᠦᠶ ᠵᠢ ᠲᠥᠯᠥᠭᠡᠯᠡᠨ 75 ᠺᠢᠯᠣᠭ᠌ᠷᠠᠮ᠎ᠤᠨ ᠳᠡᠰ᠎ᠤᠨ ᠭᠤᠷᠪᠠᠳᠤᠭ᠋ᠠᠷ᠎ᠲᠤ ᠣᠷᠣᠵᠠᠶ  ᠃

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠣᠪᠴᠢᠶᠠᠨ ᠳᠠᠷᠤᠭ᠎ᠠ ᠲᠠᠨ ᠵᠢᠩ ᠹᠸᠩ ᠬᠢᠩᠭ᠋ᠠᠨ ᠠᠶ᠋ᠢᠮᠠᠭ᠎ᠲᠤ ᠪᠡᠶ᠎ᠡ ᠵᠢᠨ ᠲᠠᠮᠢᠷ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ
ᠠᠽᠢᠶ᠎ᠠ ᠲᠢᠪ᠎ᠤᠨ ᠵᠢᠦᠳᠣᠣ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠨ 3 ᠭᠠᠤᠯᠢᠨ ᠮᠧᠳᠠᠯ ᠣᠯᠪᠠ
ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠡᠶ᠎ᠡ ᠵᠢᠨ ᠲᠠᠮᠢᠷ᠎ᠤᠨ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠵᠠᠰᠠᠯᠲᠠ ᠵᠢᠨ ᠲᠤᠰᠬᠠᠶ ᠠᠵᠢᠯᠯᠠᠭ᠎ᠠ ᠥᠷᠨᠢᠭᠦᠯᠪᠡ
ᠪᠦᠬᠦ ᠤᠯᠤᠰ᠎ᠤᠨ ᠵᠢᠦᠳᠣᠣ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠨ 2 ᠠᠯᠲᠠᠨ ᠮᠧᠳᠠᠯ 4 ᠬᠦᠷᠡᠯ ᠮᠧᠳᠠᠯ ᠣᠯᠪᠠ
ᠬᠥᠯᠥᠨ ᠪᠣᠶ᠋ᠢᠷ 《ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ ᠰᠢᠨᠵᠢᠯᠡᠬᠦ ᠤᠬᠠᠭ᠋ᠠᠨ ᠮᠡᠷᠭᠡᠵᠢᠯ ᠪᠡᠶ᠎ᠡ ᠵᠢᠨ ᠲᠠᠮᠢᠷ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》 ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠪᠰᠤᠷᠤᠨ ᠵᠢᠯᠣᠭᠣᠳᠣᠭᠴᠢ ᠵᠢᠨ ᠪᠣᠯᠪᠠᠰᠤᠷᠠᠯ᠎ᠤᠨ ᠠᠩᠭᠢ ᠡᠷᠭᠢᠯᠡᠪᠡ
 
            