
11 ᠰᠠᠷ᠎ᠠ ᠵᠢᠨ 10᠎ᠤ ᠡᠳᠦᠷ᠎ᠠᠴᠠ 12᠎ᠤᠨ ᠡᠳᠦᠷ ᠪᠣᠯᠲᠠᠯ᠎ᠠ᠂ 2023 — 2024 ᠤᠷᠤᠯᠳᠤᠭ᠋ᠠᠨ᠎ᠤ ᠤᠯᠠᠷᠢᠯ᠎ᠤᠨ ᠳᠤᠮᠳᠠᠳᠤ ᠤᠯᠤᠰ ᠬᠤᠨᠳᠠᠭ᠋ᠠᠲᠤ ᠲᠦᠷᠭᠡᠨ ᠲᠡᠰᠢᠯᠲᠡ ᠵᠢᠨ ᠰᠤᠳᠤᠨ ᠲᠠᠮᠢᠷᠴᠢᠳ᠎ᠤᠨ ᠬᠣᠯᠪᠣᠭ᠋ᠠᠲᠤ ᠤᠷᠤᠯᠳᠤᠭ᠋ᠠᠨ (ᠬᠠᠷᠪᠢᠨ ᠥᠷᠲᠡᠭᠡ) ᠵᠢᠴᠢ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠬᠢᠷᠢ ᠬᠡᠮ᠎ᠤᠨ ᠤᠷᠤᠯᠳᠤᠭ᠋ᠠᠨ ᠬᠠᠷᠠᠮᠥ᠋ᠷᠡᠨ ᠮᠤᠵᠢ ᠵᠢᠨ ᠲᠦᠷᠭᠡᠨ ᠲᠡᠰᠢᠯᠲᠡ ᠵᠢᠨ ᠣᠷᠳᠣᠨ᠎ᠳᠤ ᠶᠠᠪᠤᠭᠳᠠᠪᠠ᠃ ᠮᠠᠨ᠎ᠤ ᠣᠷᠣᠨ ᠨᠡᠶ᠋ᠢᠲᠡ 32 ᠲᠠᠮᠢᠷᠴᠢᠨ᠎ᠢ ᠲᠣᠮᠢᠯᠠᠨ ᠡᠷᠡᠭᠲᠡᠢ᠂ ᠡᠮᠡᠭᠲᠡᠢ ᠵᠢᠨ ᠢᠯᠡ ᠳᠤᠭᠤᠢ᠌ᠯᠠᠩ ᠪᠠ ᠵᠠᠯᠠᠭᠤᠴᠤᠳ᠎ᠤᠨ ᠳᠤᠭᠤᠢ᠌ᠯᠠᠩ᠎ᠤᠨ 21 ᠪᠠᠭ᠎ᠠ ᠲᠥᠷᠥᠯ᠎ᠤᠨ ᠤᠷᠤᠯᠳᠤᠭ᠋ᠠᠨ᠎ᠳᠤ ᠣᠷᠣᠯᠴᠠᠭᠤᠯᠵᠤ᠂ 1 ᠠᠯᠲᠠᠨ ᠮᠧᠳᠠᠯ 1 ᠮᠥᠩᠭᠥᠨ ᠮᠧᠳᠠᠯ 5 ᠬᠦᠷᠡᠯ ᠮᠧᠳᠠᠯ ᠣᠯᠪᠠ᠃
ᠡᠭᠦᠨ᠎ᠳᠤ ᠫᠠᠨ ᠪᠦᠦ ᠱᠦᠸᠸ ᠵᠠᠯᠠᠭᠤᠴᠤᠳ᠎ᠤᠨ ᠳᠤᠭᠤᠢ᠌ᠯᠠᠩ᠎ᠤᠨ ᠡᠷᠡᠭᠲᠡᠢ ᠵᠢᠨ 5000 ᠮᠧᠲᠷ᠎ᠤᠨ ᠤᠷᠤᠯᠳᠤᠭ᠋ᠠᠨ᠎ᠳᠤ ᠮᠠᠩᠯᠠᠢ᠌ᠯᠠᠪᠠ᠃ ᠯᠢ ᠶᠦᠨ ᠶᠤᠸᠠᠨ ᠢᠯᠡ ᠳᠤᠭᠤᠢ᠌ᠯᠠᠩ᠎ᠤᠨ ᠡᠮᠡᠭᠲᠡᠢ ᠵᠢᠨ 1000 ᠮᠧᠲᠷ᠎ᠤᠨ ᠤᠷᠤᠯᠳᠤᠭ᠋ᠠᠨ᠎ᠳᠤ ᠲᠡᠳ᠋ᠯᠡᠪᠡ᠃ ᠴᠧᠨ ᠯᠧᠢ ᠢᠯᠡ ᠳᠤᠭᠤᠢ᠌ᠯᠠᠩ᠎ᠤᠨ ᠡᠷᠡᠭᠲᠡᠢ ᠵᠢᠨ 1000 ᠮᠧᠲᠷ᠎ᠤᠨ ᠤᠷᠤᠯᠳᠤᠭ᠋ᠠᠨ᠎ᠳᠤ ᠭᠤᠷᠪᠠᠳᠤᠭ᠋ᠠᠷ᠎ᠲᠤ ᠤᠷᠤᠪᠡ᠃ ᠫᠠᠨ ᠪᠦᠦ ᠱᠦᠸᠸ ᠵᠠᠯᠠᠭᠤᠴᠤᠳ᠎ᠤᠨ ᠳᠤᠭᠤᠢ᠌ᠯᠠᠩ᠎ᠤᠨ ᠡᠷᠡᠭᠲᠡᠢ ᠵᠢᠨ 1000 ᠮᠧᠲᠷ᠎ᠤᠨ ᠤᠷᠤᠯᠳᠤᠭ᠋ᠠᠨ᠎ᠳᠤ ᠭᠤᠷᠪᠠᠳᠤᠭ᠋ᠠᠷ᠎ᠲᠤ ᠣᠷᠣᠪᠠ᠃ ᠸᠠᠩ ᠮᠧᠩ ᠶᠤᠸᠠᠨ ᠵᠠᠯᠠᠭᠤᠴᠤᠳ᠎ᠤᠨ ᠳᠤᠭᠤᠢ᠌ᠯᠠᠩ᠎ᠤᠨ ᠡᠮᠡᠭᠲᠡᠢ ᠵᠢᠨ 1000 ᠮᠧᠲᠷ ᠪᠠ 3000 ᠮᠧᠲᠷ᠎ᠤᠨ ᠤᠷᠤᠯᠳᠤᠭ᠋ᠠᠨ᠎ᠳᠤ ᠭᠤᠷᠪᠠᠳᠤᠭ᠋ᠠᠷ᠎ᠲᠤ ᠣᠷᠣᠪᠠ᠃ ᠬᠥᠩ ᠱ᠌ᠢ ᠫᠧᠩ᠂ ᠫᠠᠨ ᠪᠦᠦ ᠱᠦᠸᠸ᠂ ᠵᠦ᠍ ᠴᠢ ᠸᠸᠨ ᠵᠠᠯᠠᠭᠤᠴᠤᠳ᠎ᠤᠨ ᠳᠤᠭᠤᠢ᠌ᠯᠠᠩ᠎ᠤᠨ ᠡᠷᠡᠭᠲᠡᠢ ᠵᠢᠨ ᠪᠦᠯᠬᠦᠮ᠎ᠤᠨ ᠤᠷᠤᠯᠳᠤᠭ᠋ᠠᠨ᠎ᠳᠤ ᠭᠤᠷᠪᠠᠳᠤᠭ᠋ᠠᠷ᠎ᠲᠤ ᠣᠷᠣᠵᠠᠢ᠃
ᠡᠭᠦᠨ᠎ᠠᠴᠠ ᠭᠠᠳᠠᠨ᠎ᠠ᠂ ᠮᠠᠨ᠎ᠤ ᠣᠷᠣᠨ᠎ᠤ ᠲᠠᠮᠢᠷᠴᠢᠨ ᠪᠠᠰᠠ 2 ᠳᠥᠷᠪᠡᠳᠦᠭᠡᠷ᠂ 3 ᠲᠠᠪᠤᠳᠤᠭ᠋ᠠᠷ᠂ 2 ᠵᠢᠷᠭᠤᠳᠤᠭ᠋ᠠᠷ᠂ 5 ᠳᠣᠯᠣᠳᠤᠭ᠋ᠠᠷ᠂ 4 ᠨᠠᠢ᠍ᠮᠠᠳᠤᠭ᠋ᠠᠷ ᠵᠡᠷᠭᠡ ᠵᠢᠨ ᠬᠢᠷᠢ ᠪᠦᠲᠦᠮᠵᠢ ᠵᠢ ᠣᠯᠪᠠ᠃