ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠵᠤᠷᠭ᠋ᠠᠨ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》 ᠎ᠤ ᠣᠯᠠᠨ ᠲᠦᠮᠡᠨᠴᠢ ᠤᠷᠤᠯᠳᠤᠭ᠋ᠠᠨ᠎ᠤ ᠪᠡᠯᠡᠳᠬᠡᠯ ᠠᠵᠢᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2023-11-20

   11 ᠰᠠᠷ᠎ᠠ ᠵᠢᠨ 16᠎ᠤ ᠡᠳᠦᠷ᠎ᠠᠴᠠ 17᠎ᠤ ᠡᠳᠦᠷ ᠪᠣᠯᠲᠠᠯ᠎ᠠ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ   ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠵᠤᠷᠭ᠋ᠠᠨ᠎ᠤ ᠳᠡᠳ᠋ ᠳᠠᠷᠤᠭ᠎ᠠ ᠭᠣᠸ᠋ ᠶᠤᠸᠠᠨ ᠢ ᠪᠦᠯᠬᠦᠮ ᠳᠠᠭ᠋ᠠᠭᠤᠯᠤᠨ ᠬᠥᠬᠡᠬᠣᠲᠠ᠎ᠳᠤ ᠬᠦᠷᠴᠦ᠂ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》 ᠎ᠤ ᠤᠯᠠᠨ ᠲᠦᠮᠡᠨᠴᠢ ᠤᠷᠤᠯᠳᠤᠭ᠋ᠠᠨ᠎ᠤ ᠪᠡᠯᠡᠳᠬᠡᠯ ᠵᠢᠴᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠢ ᠥᠷᠨᠢᠭᠦᠯᠦᠭᠰᠡᠨ ᠪᠠᠢ᠌ᠳᠠᠯ᠎ᠳᠤ ᠪᠠᠢ᠌ᠴᠠᠭ᠋ᠠᠨ ᠰᠤᠳᠤᠯᠤᠯᠲᠠ ᠬᠢᠪᠡ᠃
    ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠤᠷᠢᠳ ᠬᠣᠵᠢᠳ ᠬᠥᠬᠡᠬᠣᠲᠠ ᠵᠢᠨ ᠳ᠋ᠦᠩ ᠾᠧ ᠮᠥᠰᠥᠨ ᠲᠠᠯᠠᠪᠠᠢ᠂ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠤᠯᠠᠨ ᠲᠦᠮᠡᠨᠴᠢ ᠤᠷᠤᠯᠳᠤᠭ᠋ᠠᠨ᠎ᠤ ᠲᠠᠮᠢᠷ᠎ᠤᠨ ᠠᠩᠭᠢ ᠵᠢᠨ ᠰᠠᠭᠤᠭ᠎ᠠ ᠪᠠᠭᠤᠳᠠᠯ᠎ᠳᠤ ᠬᠦᠷᠴᠦ᠂ ᠤᠷᠤᠯᠳᠤᠭ᠋ᠠᠨ᠎ᠤ ᠲᠠᠯᠠᠪᠠᠢ ᠵᠢᠨ ᠵᠢᠷᠤᠭ ᠲᠥᠯᠥᠪᠯᠡᠭᠡ᠂ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠂ ᠬᠤᠭᠤᠯᠠ ᠤᠮᠳᠠ᠂ ᠠᠮᠤᠷ ᠲᠦᠪᠰᠢᠨ᠎ᠤ ᠪᠠᠲᠤᠯᠠᠭ᠎ᠠ ᠵᠡᠷᠭᠡ ᠠᠭᠤᠯᠭ᠎ᠠ ᠵᠢ ᠨᠠᠷᠢᠨ ᠣᠢ᠌ᠯᠠᠭ᠋ᠠᠪᠠ᠃ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠥᠪ᠎ᠲᠤ ᠬᠦᠷᠴᠦ ᠤᠷᠤᠯᠳᠤᠭ᠋ᠠᠨ᠎ᠤ ᠠᠵᠢᠯᠯᠠᠭ᠎ᠠ ᠥᠷᠨᠢᠭᠦᠯᠦᠭᠰᠡᠨ᠂ ᠲᠠᠯᠠᠪᠤᠷ ᠣᠷᠳᠣᠨ᠎ᠤ ᠠᠵᠢᠯᠯᠠᠭ᠎ᠠ ᠥᠷᠨᠢᠭᠦᠯᠦᠭᠰᠡᠨ᠂ ᠰᠦᠢ᠍ᠳᠬᠡᠯ ᠪᠠᠭ᠎ᠠ ᠬᠤᠷᠢᠶᠡᠵᠦ ᠨᠡᠭᠡᠭᠡᠭᠰᠡᠨ ᠵᠡᠷᠭᠡ ᠪᠠᠢ᠌ᠳᠠᠯ᠎ᠢ ᠪᠠᠢ᠌ᠴᠠᠭ᠋ᠠᠨ ᠦᠵᠡᠪᠡ᠃
    ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠠᠴᠠ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《ᠳᠥᠭᠥᠮ ᠳᠥᠲᠡ᠂ ᠠᠮᠤᠷ ᠲᠦᠪᠰᠢᠨ᠂ ᠭᠣᠢ᠌ᠳᠠ ᠰᠠᠢ᠌ᠬᠠᠨ》 ᠤᠷᠤᠯᠳᠤᠭ᠋ᠠᠨ ᠡᠷᠭᠢᠯᠡᠬᠦ ᠣᠢ᠌ᠯᠠᠭ᠋ᠠᠭᠳᠠᠬᠤᠨ ᠶᠣᠰᠣᠭ᠋ᠠᠷ᠂ ᠤᠷᠤᠯᠳᠤᠭ᠋ᠠᠨ᠎ᠢ ᠨᠠᠷᠢᠨ ᠨᠢᠮᠪᠠᠢ ᠪᠡᠯᠡᠳᠬᠡᠵᠦ᠂ 《ᠪᠥᠬᠥ ᠠᠷᠠᠳ᠎ᠤᠨ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ》᠎ᠤ ᠣᠢ᠌ᠯᠠᠭ᠋ᠠᠭᠳᠠᠬᠤᠨ᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ; ᠲᠠᠯᠠᠪᠠᠢ ᠵᠢ ᠲᠠᠬᠢᠨ ᠠᠰᠢᠭᠯᠠᠬᠤ ᠠᠵᠢᠯ᠎ᠢ ᠭᠦᠢ᠍ᠴᠡᠳ ᠰᠠᠢ᠌ᠲᠤᠷ ᠬᠢᠵᠦ᠂ ᠤᠷᠤᠯᠳᠤᠭ᠋ᠠᠨ᠎ᠢ ᠤᠯᠠᠨ ᠲᠦᠮᠡᠨ᠎ᠤ ᠳᠡᠷᠭᠡᠳᠡᠬᠢ ᠤᠷᠤᠯᠳᠤᠭ᠋ᠠᠨ ᠪᠣᠯᠭ᠋ᠠᠨ ᠡᠷᠬᠢᠯᠡᠵᠦ᠂ ᠥᠨᠳᠥᠷ ᠪᠠᠷᠢᠮᠵᠢᠶᠠᠲᠤ ᠲᠠᠯᠠᠪᠠᠢ ᠵᠢ ᠤᠯᠠᠨ ᠲᠦᠮᠡᠨ᠎ᠲᠠᠢ ᠬᠠᠮᠲᠤᠪᠠᠷ ᠡᠳ᠋ᠯᠡᠬᠦ ᠬᠡᠷᠡᠭᠲᠡᠢ; 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》  ᠎ᠤ ᠤᠯᠠᠨ ᠲᠦᠮᠡᠨᠴᠢ ᠤᠷᠤᠯᠳᠤᠭ᠋ᠠᠨ᠎ᠤ ᠲᠠᠪᠴᠠᠩ᠎ᠢ ᠭᠦᠢ᠍ᠴᠡᠳ ᠠᠰᠢᠭᠯᠠᠵᠤ᠂ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠴᠤᠭ ᠵᠢᠪᠬᠤᠭ᠎ᠠ ᠵᠢ ᠢᠯᠡᠷᠡᠭᠦᠯᠬᠦ ᠬᠡᠷᠡᠭᠲᠡᠢ; ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠥᠷᠭᠡᠨ ᠵᠶ᠋ᠡᠷ ᠥᠷᠨᠢᠭᠦᠯᠵᠦ᠂ 《ᠭᠤᠷᠪᠠᠨ ᠳ᠋ᠦᠩᠰᠢᠭᠤᠷ ᠬᠥᠮᠥᠨ᠎ᠢ ᠳᠠᠢ᠍ᠢ᠍ᠴᠢᠯᠠᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠤᠯᠬᠤ》 ᠦᠷ᠎ᠡ ᠪᠦᠲᠦᠭᠡᠯ᠎ᠢ ᠴᠢᠨᠠᠭᠰᠢᠳᠠ ᠪᠡᠬᠢᠵᠢᠭᠦᠯᠦᠨ ᠥᠷᠭᠡᠳᠬᠡᠬᠦ ᠬᠡᠷᠡᠭᠲᠡᠢ; ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠠᠶᠤᠯ ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠤᠷᠤᠯᠳᠤᠭ᠋ᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠪᠠᠢ᠌ᠴᠠᠭ᠋ᠠᠬᠤ ᠪᠠ ᠭᠡᠮ ᠰᠣᠭᠣᠭ᠎ᠢ ᠵᠠᠰᠠᠬᠤ ᠵᠢ ᠨᠠᠷᠢᠯᠢᠭᠵᠢᠭᠤᠯᠵᠤ᠂ ᠠᠮᠤᠷ ᠲᠦᠪᠰᠢᠨ ᠵᠶ᠋ᠡᠷ ᠤᠷᠤᠯᠳᠤᠭ᠋ᠠᠨ ᠡᠷᠬᠢᠯᠡᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠡᠨᠡ ᠬᠤᠭᠤᠴᠠᠭ᠋ᠠᠨ᠎ᠳᠤ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠠᠮᠢᠶ᠎ᠠ ᠪᠦᠬᠦᠢ ᠠᠵᠢᠯ᠎ᠤᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃
    ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠵᠤᠷᠭ᠋ᠠᠨ᠂ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠲᠥᠪ᠂ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》 ᠎ᠤ ᠤᠯᠠᠨ ᠲᠦᠮᠡᠨᠴᠢ ᠤᠷᠤᠯᠳᠤᠭ᠋ᠠᠨ᠎ᠤ ᠮᠡᠷᠭᠡᠵᠢᠯ᠎ᠤᠨ ᠲᠥᠯᠥᠭᠡᠯᠡᠭᠴᠢ᠂ ᠬᠥᠬᠡᠬᠣᠲᠠ ᠵᠡᠷᠭᠡ ᠬᠠᠮᠢᠶ᠎ᠠ ᠪᠦᠬᠦᠢ ᠬᠥᠮᠥᠰ ᠪᠠᠷ᠎ᠠ ᠪᠣᠯᠵᠤ ᠪᠠᠢ᠌ᠴᠠᠭ᠋ᠠᠨ ᠰᠤᠳᠤᠯᠤᠯᠲᠠ ᠬᠢᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠡᠯ᠎ᠡ ᠱᠠᠲᠤᠨ᠎ᠤ ᠡᠯ᠎ᠡ ᠲᠦᠷᠦᠯ᠎ᠤᠨ ᠲᠠᠮᠢᠷ᠎ᠤᠨ ᠰᠤᠷᠭ᠋ᠠᠭᠤᠯᠢ ᠵᠢᠨ ᠡᠪᠦᠯ᠎ᠤᠨ ᠶᠡᠬᠡ ᠰᠤᠷᠢᠭ᠎ᠠ ᠪᠣᠯᠪᠠᠰᠤᠷᠠᠯ ᠡᠬᠢᠯᠡᠪᠡ
ᠵᠣᠣ ᠳ᠋ᠠᠨ ᠥᠪᠥᠷ ᠮᠣᠩᠭᠣᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠠᠩᠬᠠᠳᠠᠭᠴᠢ ᠠᠯᠳᠠᠨ ᠮᠸᠳᠡᠯ᠎ᠢ ᠭᠠᠷᠳᠠᠵᠠᠢ
ᠶᠠᠨ ᠸᠸᠨ ᠭᠠᠩ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠡᠷᠡᠭᠳᠡᠢ ᠵᠢᠨ ᠪᠣᠯᠣᠳ ᠵᠢᠶᠠᠰᠠᠲᠤ ᠵᠠᠯᠠᠭᠤᠷᠳᠤ ᠴᠢᠷᠭ᠎ᠠ ᠵᠢᠨ ᠤᠷᠤᠯᠳᠤᠭ᠋ᠠᠨ᠎ᠳᠤ ᠮᠠᠩᠯᠠᠢ᠌ᠯᠠᠪᠠ
《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠪᠣᠯᠣᠳ ᠵᠢᠶᠠᠰᠠᠳᠦ ᠵᠠᠯᠠᠭᠤᠷᠳᠦ ᠴᠢᠷᠭ᠎ᠠ ᠵᠢᠨ ᠡᠷᠡᠭᠳᠡᠢ ᠡᠮᠡᠭᠳᠡᠢ ᠵᠢᠨ ᠪᠦᠯᠬᠦᠮ᠎ᠤᠨ ᠤᠷᠤᠯᠳᠤᠭ᠋ᠠᠨ᠎ᠳᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠪᠠᠰᠠ ᠨᠢᠭᠡ ᠠᠯᠲᠠᠨ ᠮᠧᠳᠠᠯ ᠭᠠᠷᠳᠠᠪᠠ
 ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠢ ᠪᠠᠶ᠋ᠢᠭᠤᠯᠬᠤ ᠪᠠ ᠲᠠᠩᠭ᠋ᠠᠷᠢᠭᠯᠠᠬᠤ ᠶᠡᠭᠡ ᠬᠤᠷᠠᠯ ᠬᠥᠯᠥᠨ ᠪᠤᠶ᠋ᠢᠷ ᠬᠤᠳᠠ᠎ᠳᠤ ᠬᠤᠷᠠᠯᠳᠤᠪᠠ
 
            