11 ᠰᠠᠷ᠎ᠠ ᠵᠢᠨ 28᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠢ ᠪᠠᠶ᠋ᠢᠭᠤᠯᠬᠤ ᠪᠠ ᠲᠠᠩᠭ᠋ᠠᠷᠢᠭᠯᠠᠬᠤ ᠶᠡᠭᠡ ᠬᠤᠷᠠᠯ᠎ᠢ ᠬᠥᠯᠥᠨ ᠪᠤᠶ᠋ᠢᠷ ᠬᠤᠳᠠ᠎ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠤ ᠶᠦᠩ ᠪᠥᠸᠧ ᠬᠤᠷᠠᠯ᠎ᠳᠤ ᠣᠷᠣᠯᠴᠠᠵᠠᠢ᠃

ᠶᠡᠭᠡ ᠬᠤᠷᠠᠯ ᠳᠡᠭᠡᠷ᠎ᠡ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠳᠤ ᠲᠤᠭ ᠣᠯᠭᠤᠬᠤ ᠶᠣᠰᠣᠯᠠᠯ ᠶᠠᠪᠤᠭᠳᠠᠭᠤᠯᠵᠠᠢ᠃ ᠶᠡᠭᠡ ᠬᠤᠷᠠᠯ᠎ᠳᠤ ᠤᠷᠤᠯᠳᠤᠭ᠋ᠠᠨ᠎ᠳᠤ ᠣᠷᠣᠯᠴᠠᠬᠤ ᠪᠦᠬᠦ ᠲᠠᠮᠢᠷᠴᠢᠳ᠂ ᠳᠠᠰᠬᠠᠯᠵᠢᠭᠤᠯᠤᠭᠴᠢ ᠨᠠᠷ ᠪᠠ ᠬᠤᠯᠪᠣᠭᠳᠠᠯ ᠪᠦᠬᠦᠢ ᠨᠢᠭᠡᠴᠢ ᠵᠢᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠥᠨᠳᠥᠷᠰᠡᠭᠡᠵᠦ᠂ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠤ ᠤᠷᠤᠯᠳᠤᠭ᠋ᠠᠨ᠎ᠳᠤ ᠪᠡᠯᠡᠳᠬᠡᠬᠦ ᠵᠢᠨ ᠴᠢᠬᠤᠯᠠ ᠴᠢᠨᠠᠷ ᠬᠢᠭᠡᠳ ᠲᠤᠯᠭ᠋ᠠᠮ ᠴᠢᠨᠠᠷ᠎ᠢ ᠭᠦᠢ᠍ᠴᠡᠳ ᠲᠠᠨᠢᠨ᠂ ᠵᠣᠷᠢᠭᠲᠠᠢ᠎ᠪᠠᠷ ᠬᠠᠷᠢᠭᠤᠴᠠᠨ ᠠᠵᠢᠯᠯᠠᠵᠤ᠂ ᠤᠷᠤᠯᠳᠤᠭ᠋ᠠᠨ᠎ᠤ ᠡᠯ᠎ᠡ ᠠᠵᠢᠯ᠎ᠤᠳ᠎ᠢ ᠪᠣᠳᠠᠲᠠᠢ ᠪᠥᠭᠡᠳ ᠨᠠᠷᠢᠯᠢᠭ ᠬᠢᠵᠦ᠂ ᠤᠷᠤᠯᠳᠤᠭ᠋ᠠᠨ᠎ᠤ ᠰᠤᠷᠲᠠᠯ ᠰᠠᠬᠢᠯᠭ᠎ᠠ ᠵᠢ ᠴᠢᠩᠳᠠᠯᠠᠵᠤ᠂ ᠰᠠᠶ᠋ᠢᠨ ᠰᠠᠶ᠋ᠢᠬᠠᠨ ᠰᠤᠷᠲᠠᠯ ᠵᠶ᠋ᠠᠷ ᠥᠪᠥᠷ ᠮᠣᠩᠭᠤᠯ᠎ᠤᠨ ᠵᠥᠪ ᠲᠠᠯ᠎ᠠ ᠵᠢᠨ ᠳᠦᠷᠢ ᠲᠥᠷᠬᠦ ᠵᠢ ᠬᠠᠷᠠᠭᠤᠯ᠎ᠤᠨ᠂ ᠪᠣᠯᠪᠠᠰᠤᠷᠠᠯ᠎ᠤᠨ ᠲᠠᠯᠠᠪᠠᠢ᠎ᠳᠠᠬᠢ ᠰᠢᠷᠭ᠋ᠠᠭᠤ ᠴᠢᠷᠮᠠᠶ᠋ᠢᠯᠭ᠎ᠠ ᠪᠠ ᠤᠷᠤᠯᠳᠤᠭ᠋ᠠᠨ᠎ᠤ ᠲᠠᠯᠠᠪᠠᠢ᠎ᠳᠠᠬᠢ ᠰᠢᠯᠢᠳᠡᠭ ᠬᠢᠷᠢ ᠪᠦᠲᠦᠮᠵᠢ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠣᠨ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠠᠨᠤᠮᠵᠢᠲᠠᠢ ᠰᠢᠯᠭ᠋ᠠᠯᠲᠠ ᠵᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠱᠠᠭ᠋ᠠᠷᠳᠠᠪᠠ᠃
