ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2024 ᠣᠨ᠎ᠤ ᠪᠥᠬᠦ ᠤᠯᠤᠰ᠎ᠤᠨ ᠵᠢᠦᠳᠣᠣ ᠵᠢᠨ ᠬᠤᠪᠢ ᠲᠡᠮᠳᠡᠭᠯᠡᠬᠦ ᠤᠷᠤᠯᠳᠤᠭ᠋ᠠᠨ᠎ᠤ ᠠᠷᠤ ᠬᠤᠷᠴᠢᠨ ᠥᠷᠲᠡᠭᠡ ᠵᠢᠨ ᠤᠷᠤᠯᠳᠤᠭ᠋ᠠᠨ᠎ᠳᠤ ᠥᠪᠥᠷ ᠮᠣᠩᠭᠤᠯ᠎ᠤᠨ ᠠᠩᠭᠢ 2 ᠠᠯᠲᠠᠨ ᠮᠧᠳᠠᠯ 3 ᠮᠥᠩᠭᠦᠨ ᠮᠧᠳᠠᠯ 5 ᠬᠦᠷᠡᠯ ᠮᠧᠳᠠᠯ ᠬᠦᠷᠳᠡᠪᠡ
ᠨᠡᠶ᠋ᠢᠲᠡᠯᠡᠭᠰᠡᠨ ᠴᠠᠭ᠄ 2024-10-09

    2024 ᠣᠨ᠎ᠤ ᠪᠦᠬᠦ ᠤᠯᠤᠰ᠎ᠤᠨ ᠵᠢᠦᠳᠣᠣ ᠵᠢᠨ ᠬᠤᠪᠢ ᠲᠡᠮᠳᠡᠭᠯᠡᠬᠦ ᠤᠷᠤᠯᠳᠤᠭ᠋ᠠᠨ᠎ᠤ ᠠᠷᠤ ᠬᠤᠷᠴᠢᠨ ᠥᠷᠲᠡᠭᠡ ᠵᠢᠨ ᠤᠷᠤᠯᠳᠤᠭ᠋ᠠᠨ 10 ᠰᠠᠷ᠎ᠠ ᠵᠢᠨ 6᠎ᠤ ᠡᠳᠦᠷ᠎ᠠᠴᠠ 10 ᠰᠠᠷ᠎ᠠ ᠵᠢᠨ 8᠎ᠤ ᠡᠳᠦᠷ ᠪᠣᠯᠲᠠᠯ᠎ᠠ ᠤᠯᠠᠭ᠋ᠠᠨᠬᠠᠳᠠ ᠬᠤᠲᠠ ᠵᠢᠨ ᠠᠷᠤ ᠬᠤᠷᠴᠢᠨ ᠬᠤᠰᠢᠭᠤᠨ᠎ᠳᠤ ᠶᠠᠪᠤᠭᠳᠠᠵᠤ᠂ ᠪᠥᠬᠦ ᠤᠯᠤᠰ᠎ᠤᠨ 33 ᠮᠤᠵᠢ ᠣᠷᠣᠨ ᠬᠤᠲᠠ ᠪᠠ ᠠᠵᠢᠯ ᠲᠥᠷᠥᠯ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠂ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ ᠵᠢᠨ 520 ᠭᠠᠷᠤᠶ ᠲᠠᠮᠢᠷᠴᠢᠨ ᠤᠷᠤᠯᠳᠤᠭ᠋ᠠᠨ᠎ᠳᠤ ᠣᠷᠣᠯᠴᠠᠪᠠ᠃ ᠥᠪᠥᠷ ᠮᠣᠩᠭᠣᠯ᠎ᠤᠨ ᠠᠩᠭᠢ 38 ᠲᠠᠮᠢᠷᠴᠢᠨ ᠲᠣᠮᠢᠯᠠᠨ 13 ᠳᠡᠰ᠎ᠤᠨ ᠤᠷᠤᠯᠳᠤᠭ᠋ᠠᠨ᠎ᠳᠤ ᠣᠷᠤᠯᠴᠠᠭᠤᠯᠪᠠ᠃
    3 ᠡᠳᠦᠷ᠎ᠤᠨ ᠰᠢᠷᠦᠭᠦᠨ ᠥᠷᠢᠰᠥᠯᠳᠦᠭᠡᠨ ᠵᠶ᠋ᠠᠷ ᠳᠠᠮᠵᠢᠭ᠋ᠠᠳ᠂ ᠥᠪᠥᠷ ᠮᠣᠩᠭᠤᠯ᠎ᠤᠨ ᠠᠩᠭᠢ 2 ᠠᠯᠲᠠᠨ ᠮᠧᠳᠠᠯ 3 ᠮᠥᠩᠭᠦᠨ ᠮᠧᠳᠠᠯ᠂ 2 ᠲᠠᠪᠤᠳᠤᠭ᠋ᠠᠷ ᠨᠡᠷᠡᠰ᠂ 2 ᠳᠣᠯᠣᠳᠤᠭ᠋ᠠᠷ ᠨᠡᠷᠡᠰ᠎ᠲᠤ ᠲᠣᠳᠣᠷᠠᠵᠠᠢ᠃ ᠡᠬᠦᠨ᠎ᠳᠤ ᠰᠢᠯᠢᠳᠡᠭ ᠡᠷᠡᠭᠳᠡᠢ ᠵᠢᠨ — 81 ᠺᠢᠯᠣᠭ᠌ᠷᠠᠮ᠎ᠤᠨ ᠳᠡᠰ᠎ᠤᠨ ᠠᠯᠲᠠᠨ ᠮᠧᠳᠠᠯ᠂ ᠵᠠᠯᠰᠠᠨ ᠡᠷᠡᠭᠳᠡᠢ ᠵᠢᠨ  — 90 ᠺᠢᠯᠣᠭ᠌ᠷᠠᠮ᠎ᠤᠨ ᠳᠡᠰ᠎ᠤᠨ ᠤᠷᠤᠯᠳᠤᠭ᠋ᠠᠨ᠎ᠤ ᠠᠯᠲᠠᠨ ᠮᠧᠳᠠᠯ᠎ᠢ ᠬᠦᠷᠳᠡᠵᠦ᠂ ᠦᠷᠨᠢᠯ ᠡᠷᠡᠭᠳᠡᠢ ᠵᠢᠨ — 60 ᠺᠢᠯᠣᠭ᠌ᠷᠠᠮ᠎ᠤᠨ ᠳᠡᠰ᠎ᠤᠨ ᠮᠥᠩᠭᠦᠨ ᠮᠧᠳᠠᠯ᠂ ᠴᠢᠨᠳᠠᠭ᠎ᠠ ᠡᠷᠡᠭᠳᠡᠢ ᠵᠢᠨ — 73 ᠺᠢᠯᠣᠭ᠌ᠷᠠᠮ᠎ᠤᠨ ᠳᠡᠰ᠎ᠤᠨ ᠮᠥᠩᠭᠦᠨ ᠮᠧᠳᠠᠯ᠂ ᠪᠦᠬᠡᠪᠢᠯᠢᠭ ᠡᠷᠡᠭᠳᠡᠢ ᠵᠢᠨ  — 90 ᠺᠢᠯᠣᠭ᠌ᠷᠠᠮ᠎ᠤᠨ ᠳᠡᠰ᠎ᠤᠨ ᠤᠷᠤᠯᠳᠤᠭ᠋ᠠᠨ᠎ᠤ ᠮᠥᠩᠭᠦᠨ ᠮᠧᠳᠠᠯ ᠣᠯᠪᠠ᠃ ᠲᠦᠪᠴᠢᠭᠡᠴᠢ ᠡᠷᠡᠭᠳᠡᠢ ᠵᠢᠨ  — 66 ᠺᠢᠯᠣᠭ᠌ᠷᠠᠮ᠎ᠤᠨ ᠲᠠᠰ᠎ᠤᠨ ᠬᠦᠷᠡᠯ ᠮᠧᠳᠠᠯ᠂ ᠲᠡᠮᠡᠤᠯᠠᠯ ᠡᠷᠡᠭᠳᠡᠢ ᠵᠢᠨ — 66 ᠺᠢᠯᠣᠭ᠌ᠷᠠᠮ᠎ᠤᠨ ᠲᠠᠰ᠎ᠤᠨ   ᠬᠦᠷᠡᠯ ᠮᠧᠳᠠᠯ᠂   ᠪᠠᠶᠠᠨᠳᠡᠯᠡᠬᠡᠢ ᠡᠷᠡᠭᠲᠡᠶ ᠵᠢᠨ  — 81 ᠺᠢᠯᠣᠭ᠌ᠷᠠᠮ᠎ᠤᠨ ᠲᠠᠰ᠎ᠤᠨ ᠬᠦᠷᠡᠯ ᠮᠧᠳᠠᠯ᠂ ᠴᠧᠨ ᠢ ᠲᠢᠩ ᠡᠮᠡᠭᠲᠡᠶ ᠵᠢᠨ — 48 ᠺᠢᠯᠣᠭ᠌ᠷᠠᠮ᠎ᠤᠨ ᠲᠠᠰ᠎ᠤᠨ ᠤᠷᠤᠯᠳᠤᠭ᠋ᠠᠨ᠎ᠤ ᠬᠦᠷᠡᠯ ᠮᠧᠳᠠᠯ ᠬᠦᠷᠳᠡᠵᠦ᠂ ᠸᠠᠩ ᠯᠢᠩ ᠵᠧᠨ ᠡᠮᠡᠭᠲᠡᠶ ᠵᠢᠨ —70 ᠺᠢᠯᠣᠭ᠌ᠷᠠᠮ᠎ᠤᠨ ᠲᠠᠰ᠎ᠤᠨ ᠤᠷᠤᠯᠳᠤᠭ᠋ᠠᠨ ᠬᠦᠷᠡᠯ ᠮᠧᠳᠠᠯ ᠣᠯᠪᠠ᠃ ᠰᠢᠤᠢ ᠿᠢ ᠭᠠᠩ (ᠭᠤᠸᠠᠩᠳᠦ᠋ᠩ᠎ᠢ ᠲᠦᠯᠦᠭᠡᠯᠡᠪᠡ)   ᠡᠷᠡᠭᠳᠡᠢ ᠵᠢᠨ — 73 ᠺᠢᠯᠣᠭ᠌ᠷᠠᠮ᠎ᠤᠨ ᠳᠡᠰ᠎ᠤᠨ ᠲᠠᠪᠤᠳᠤᠭ᠋ᠠᠷ᠂ ᠪᠠᠶᠠᠨᠮᠥ᠋ᠩᠬᠡ (ᠭᠤᠸᠠᠩᠳᠦ᠋ᠩ᠎ᠢ ᠲᠦᠯᠦᠭᠡᠯᠡᠪᠡ)   ᠡᠷᠡᠭᠳᠡᠢ ᠵᠢᠨ  — 100 ᠺᠢᠯᠣᠭ᠌ᠷᠠᠮ᠎ᠤᠨ ᠳᠡᠰ᠎ᠤᠨ ᠤᠷᠤᠯᠳᠤᠭ᠋ᠠᠨ᠎ᠤ ᠲᠠᠪᠤᠳᠤᠭ᠋ᠠᠷ᠎ᠲᠤ ᠣᠷᠣᠵᠠᠢ᠃ ᠬᠦᠰᠡᠯ ᠡᠷᠡᠭᠳᠡᠢ ᠵᠢᠨ  — 66 ᠺᠢᠯᠦᠭᠷᠡᠮ᠎ᠤᠨ ᠳᠡᠰ᠎ᠤᠨ ᠤᠷᠤᠯᠳᠤᠭ᠋ᠠᠨ᠎ᠤ ᠳᠤᠯᠤᠳᠤᠭ᠋ᠠᠷ᠂ ᠵᠢᠷᠭ᠋ᠠᠯᠰᠠᠶ᠋ᠢᠬᠠᠨ ᠡᠷᠡᠭᠳᠡᠢ ᠵᠢᠨ — 90 ᠺᠢᠯᠦᠭᠷᠡᠮ᠎ᠤᠨ ᠳᠡᠰ᠎ᠤᠨ ᠳᠤᠯᠤᠳᠤᠭ᠋ᠠᠷ᠎ᠲᠤ ᠤᠷᠤᠪᠠ᠃


    ᠰᠢᠯᠢᠳᠡᠭ ᠡᠷᠡᠭᠲᠡᠢ ᠵᠢᠨ — 81 ᠺᠢᠯᠣᠭ᠌ᠷᠠᠮ᠎ᠤᠨ ᠳᠡᠰ᠎ᠤᠨ ᠤᠷᠤᠯᠳᠤᠭ᠋ᠠᠨ᠎ᠤ ᠮᠠᠩᠯᠠᠢ (ᠵᠡᠭᠦᠨ᠎ᠠᠴᠠ ᠲᠦᠷᠪᠡᠳᠦᠭᠡᠷ) ᠪᠠᠶᠠᠨᠳᠡᠯᠡᠬᠡᠢ ᠡᠷᠡᠭᠲᠡᠢ ᠵᠢᠨ — 81 ᠺᠢᠯᠣᠭ᠌ᠷᠠᠮ᠎ᠤᠨ ᠳᠡᠰ᠎ᠤᠨ ᠤᠷᠤᠯᠳᠤᠭ᠋ᠠᠨ᠎ᠤ ᠭᠤᠳᠠᠭ᠋ᠠᠷ (ᠪᠠᠷᠠᠭᠤᠨ᠎ᠠᠴᠠ ᠭᠤᠷᠪᠠᠳᠤᠭ᠋ᠠᠷ)


    ᠵᠠᠯᠰᠠᠨ ᠡᠷᠡᠭᠳᠡᠢ ᠵᠢᠨ  — 90 ᠺᠢᠯᠣᠭ᠌ᠷᠠᠮ᠎ᠤᠨ ᠳᠡᠰ᠎ᠤᠨ ᠮᠠᠩᠯᠠᠢ (ᠵᠡᠭᠦᠨ᠎ᠠᠴᠠ ᠲᠦᠷᠪᠡᠳᠦᠭᠡᠷ) ᠪᠦᠬᠡᠪᠢᠯᠢᠭ   ᠡᠷᠡᠭᠳᠡᠢ ᠵᠢᠨ  — 90 ᠺᠢᠯᠣᠭ᠌ᠷᠠᠮ᠎ᠤᠨ ᠳᠡᠰ᠎ᠤᠨ ᠲᠡᠳ᠋

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠪᠠᠭ 2024 ᠣᠨ᠎ᠤ ᠪᠥᠬᠦ ᠤᠯᠤᠰ᠎ᠤᠨ ᠡᠷᠡᠭᠲᠡᠶ ᠵᠢᠨ ᠪᠤᠶ᠋ᠢᠺᠤ ᠪᠥᠮᠪᠦᠭᠡ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠩᠯᠠᠶ᠋ᠢᠯᠠᠪᠠ
2024 ᠤᠨ᠎ᠤ ᠪᠦᠬᠦ ᠤᠯᠤᠰ᠎ᠤᠨ ᠬᠤᠷᠳᠤᠨ ᠮᠤᠷᠢᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠤᠷᠤᠨ᠎ᠤ ᠲᠠᠮᠢᠷᠴᠢᠨ ᠠᠯᠲᠠᠨ ᠮᠧᠳᠠᠯ ᠤᠯᠪᠠ
ᠲᠠᠮᠢᠷ᠎ᠤᠨ ᠤᠷᠤᠯᠳᠤᠭ᠋ᠠᠨ ᠵᠶ᠋ᠠᠷ ᠣᠷᠣᠨ ᠨᠤᠲᠤᠭ᠎ᠤᠨ ᠬᠡᠷᠡᠭᠯᠡᠭᠡ ᠵᠢ 345.07 ᠳ᠋ᠦᠩᠰᠢᠭᠤᠷ ᠲᠥᠭᠦᠷᠢᠭ ᠳᠠᠶ᠋ᠢᠴᠢᠯᠠᠵᠠᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠪᠡᠯᠡᠳᠬᠡᠬᠦ ᠵᠢᠴᠢ 2024 ᠣᠨ᠎ᠤ ᠡᠪᠦᠯ᠎ᠤᠨ ᠪᠣᠯᠪᠠᠰᠤᠷᠠᠯ᠎ᠤᠨ ᠳᠠᠶ᠋ᠢᠴᠢᠯᠠᠯᠲᠠ ᠵᠢᠨ ᠶᠡᠭᠡ ᠬᠤᠷᠠᠯ ᠬᠤᠷᠠᠯᠳᠤᠭᠤᠯᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ ᠬᠥᠯᠥᠨ ᠪᠤᠶ᠋ᠢᠷ ᠬᠤᠲᠠ᠎ᠳᠤ ᠶᠠᠪᠤᠭᠳᠠᠨ᠎ᠠ
 
            