
9 ᠰᠠᠷ᠎ᠠ ᠵᠢᠨ 25᠎ᠤ ᠡᠳᠦᠷ᠎ᠤᠨ ᠦᠳᠡ ᠵᠢᠨ ᠬᠤᠶ᠋ᠢᠨ᠎ᠠ᠂ ᠠᠩᠬᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ (ᠤᠮᠠᠷᠠᠳᠦ ᠤᠷᠤᠨ)᠎ᠤ ᠲᠡᠭᠦᠰᠬᠦ ᠶᠣᠰᠣᠯᠠᠯ ᠲᠢᠶᠠᠨᠵᠢᠨ᠎ᠤ ᠠᠵᠤ ᠦᠢ᠍ᠯᠡᠳᠪᠦᠷᠢ ᠵᠢᠨ ᠶᠡᠭᠡ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠣᠷᠳᠣᠨ᠎ᠳᠤ ᠶᠠᠪᠤᠭᠳᠠᠵᠤ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠵᠤᠷᠭ᠋ᠠᠨ᠎ᠤ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠬᠤᠩ ᠢᠦᠶ ᠲᠡᠭᠦᠰᠬᠦ ᠶᠣᠰᠣᠯᠠᠯ᠎ᠳᠤ ᠣᠷᠣᠯᠴᠠᠪᠠ᠃
ᠠᠩᠬᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠎ᠳᠤ ᠤᠮᠠᠷᠠᠲᠤ ᠣᠷᠣᠨ᠂ ᠵᠡᠭᠦᠨ ᠬᠤᠶ᠋ᠢᠲᠤ ᠣᠷᠣᠨ᠂ ᠳᠣᠷᠣᠨᠠᠲᠤ ᠣᠷᠣᠨ᠂ ᠳᠤᠮᠳᠠᠳᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨ᠎ᠡ᠂ ᠪᠠᠷᠠᠭᠤᠨ ᠬᠤᠶ᠋ᠢᠲᠤ ᠣᠷᠣᠨ ᠵᠡᠷᠭᠡ 7 ᠤᠷᠤᠯᠳᠤᠭ᠋ᠠᠨ᠎ᠤ ᠲᠣᠭᠤᠷᠢᠭ ᠬᠤᠪᠢᠶᠠᠵᠠᠢ᠃ ᠤᠮᠠᠷᠠᠲᠤ ᠣᠷᠣᠨ᠎ᠤ ᠤᠷᠤᠯᠳᠤᠭ᠋ᠠᠨ᠎ᠤ ᠲᠣᠭᠣᠷᠢᠭ᠎ᠤᠨ ᠤᠷᠤᠯᠳᠤᠭ᠋ᠠᠨ᠎ᠳᠤ 5 ᠲᠥᠷᠥᠯ ᠵᠦᠢ᠍ᠯ᠂ 10 ᠥᠪᠡᠷ ᠵᠶ᠋ᠠᠨ ᠰᠣᠩᠭᠣᠬᠤ ᠲᠥᠷᠥᠯ ᠵᠦᠢ᠍ᠯ᠎ᠤᠨ ᠤᠷᠤᠯᠳᠤᠭ᠋ᠠᠨ ᠲᠣᠬᠢᠷᠠᠭᠤᠯᠵᠠᠢ᠃ ᠡᠭᠦᠨ᠎ᠳᠤ᠂ ᠳᠤᠮᠳᠠᠳᠤ ᠤᠯᠤᠰ᠎ᠤᠨ ᠮᠠᠶᠢᠭ᠎ᠤᠨ ᠪᠦᠬᠡ ᠪᠠᠷᠢᠯᠳᠤᠬᠤ᠂ ᠫᠢᠩᠫᠠᠩ ᠪᠥᠮᠪᠦᠭᠡ ᠵᠢᠨ ᠤᠷᠤᠯᠳᠤᠭ᠋ᠠᠨ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠳᠠᠭ᠋ᠠᠭ᠋ᠠᠴᠢᠯᠠᠨ ᠡᠷᠬᠢᠯᠡᠪᠡ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠤᠷᠤᠯᠳᠤᠭ᠋ᠠᠨ ᠡᠷᠭᠢᠯᠡᠬᠦ ᠡᠭᠦᠷᠭᠡ᠎ᠪᠠᠨ ᠴᠢᠨᠠᠷ ᠰᠠᠶ᠋ᠢᠲᠠᠶ ᠪᠡᠶᠡᠯᠡᠭᠦᠯᠵᠦ᠂ 《ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠱᠠᠩᠨᠠᠯ》᠎ᠢ ᠭᠥᠷᠳᠡᠵᠦ᠂ 2 ᠤᠷᠤᠯᠳᠤᠭ᠋ᠠᠨ ᠡᠷᠬᠢᠯᠡᠭᠰᠡᠨ ᠨᠢᠭᠡᠴᠢ 《ᠬᠠᠮᠤᠭ᠎ᠤᠨ ᠰᠠᠶ᠋ᠢᠨ ᠤᠷᠤᠯᠳᠤᠭ᠋ᠠᠨ᠎ᠤ ᠲᠣᠭᠤᠷᠢᠭ》᠎ᠤᠨ ᠢᠷᠠᠭᠤ ᠠᠯᠳᠠᠷ᠎ᠢ ᠭᠥᠷᠳᠡᠪᠡ᠃ ᠮᠠᠨ᠎ᠤ ᠣᠷᠣᠨ᠎ᠳᠤ ᠨᠡᠶ᠋ᠢᠲᠡ 20 ᠠᠯᠲᠠᠨ ᠮᠧᠳᠠᠯ 30 ᠮᠥᠩᠭᠦᠨ ᠮᠧᠳᠠᠯ 23 ᠬᠦᠷᠡᠯ ᠮᠧᠳᠠᠯ᠂ ᠨᠢᠭᠡᠳᠦᠭᠡᠷ ᠳᠡᠰ᠎ᠤᠨ ᠱᠠᠩᠨᠠᠯ᠂ ᠬᠤᠶᠠᠳᠤᠭ᠋ᠠᠷ ᠳᠡᠰ᠎ᠤᠨ ᠱᠠᠩᠨᠠᠯ᠂ ᠭᠤᠷᠪᠠᠳᠤᠭ᠋ᠠᠷ ᠳᠡᠰ᠎ᠤᠨ ᠱᠠᠩᠨᠠᠯ ᠲᠣᠰ ᠲᠣᠰ 1 ᠬᠦᠷᠲᠡᠪᠡ᠂ ᠡᠭᠦᠨ᠎ᠳᠤ᠎ᠲᠠᠢ ᠵᠢᠶ ᠨᠢᠳᠤᠷᠭ᠎ᠠ᠂ ᠬᠡᠢ ᠠᠯᠠᠭ᠋ᠠᠳᠠᠬᠤ ᠪᠥᠮᠪᠦᠭᠡ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠂ ᠬᠥᠯ ᠪᠥᠮᠪᠦᠭᠡ ᠵᠡᠷᠭᠡ 5 ᠪᠠᠭ᠎ᠠ ᠲᠥᠷᠥᠯ ᠵᠦᠢ᠍ᠯ᠎ᠨᠢ ᠪᠥᠬᠦ ᠤᠯᠤᠰ᠎ᠤᠨ ᠶᠡᠷᠦᠩᠬᠡᠶ ᠰᠢᠢ᠍ᠳᠪᠦᠷᠢᠲᠦ ᠤᠷᠤᠯᠳᠤᠭ᠋ᠠᠨ᠎ᠳᠤ ᠨᠡᠷ᠎ᠡ ᠲᠠᠪᠰᠢᠪᠡ᠃