
10 ᠰᠠᠷ᠎ᠠ ᠵᠢᠨ 17᠎ᠤ ᠡᠳᠦᠷ᠎ᠠᠴᠠ 25᠎ᠤ ᠡᠳᠦᠷ ᠪᠣᠯᠲᠠᠯ᠎ᠠ᠂ 2024 ᠣᠨ᠎ᠤ ᠪᠦᠬᠦ ᠤᠯᠤᠰ᠎ᠤᠨ ᠡᠷᠡᠭᠲᠡᠢ ᠵᠢᠨ ᠪᠦᠢ᠍ᠺᠦ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠵᠢᠶᠠᠩᠰᠦ ᠮᠣᠵᠢ ᠵᠢᠨ ᠴᠠᠩ ᠵᠧᠦ᠎ᠳᠤ ᠶᠠᠪᠤᠭᠳᠠᠵᠤ᠂ ᠪᠡᠭᠡᠵᠢᠩ᠂ ᠲᠢᠶᠠᠨᠵᠢᠨ᠂ ᠥᠪᠥᠷ ᠮᠣᠩᠭᠣᠯ᠂ ᠯᠢᠶᠣᠤᠨᠢᠩ᠂ ᠬᠢᠷᠢᠨ᠂ ᠵᠢᠶᠠᠩᠰᠦ᠂ ᠭᠤᠸᠠᠩᠳᠦ᠋ᠩ᠂ ᠭᠤᠸᠠᠩᠰᠢ᠂ ᠰᠧᠴᠤᠸᠠᠨ ᠪᠣᠯᠤᠨ ᠭᠠᠨᠰᠦ ᠬᠣᠲᠠ᠎ᠠᠴᠠ ᠢᠷᠡᠭᠰᠡᠨ 10 ᠲᠥᠯᠥᠭᠡᠯᠡᠭᠴᠢᠳ᠎ᠤᠨ ᠪᠠᠭ᠎ᠤᠨ 200 ᠰᠢᠬᠠᠮ ᠲᠠᠮᠢᠷᠴᠢᠨ ᠤᠷᠤᠯᠳᠤᠭ᠋ᠠᠨ᠎ᠳᠤ ᠣᠷᠣᠯᠴᠠᠪᠠ᠃ ᠲᠤᠭᠤᠢ᠌ᠯᠠᠩ᠎ᠤᠨ ᠤᠷᠤᠯᠳᠤᠭ᠋ᠠᠨ ᠪᠠ ᠬᠠᠭ᠋ᠠᠰ ᠰᠢᠢ᠍ᠳᠪᠦᠷᠢᠳᠦ ᠤᠷᠤᠯᠳᠤᠭ᠋ᠠᠨ᠎ᠳᠤ᠂ ᠥᠪᠥᠷ ᠮᠣᠩᠭᠣᠯ᠎ᠤᠨ ᠪᠠᠭ ᠪᠦᠷ ᠢᠯᠠᠪᠠ᠃ ᠰᠢᠢ᠍ᠳᠪᠦᠷᠢᠳᠦ ᠤᠷᠤᠯᠳᠤᠭ᠋ᠠᠨ᠎ᠳᠤ ᠥᠪᠥᠷ ᠮᠣᠩᠭᠣᠯ᠎ᠤᠨ ᠪᠠᠭ ᠭᠤᠸᠠᠩᠳᠦ᠋ᠩ ᠮᠤᠵᠢ ᠵᠢᠨ ᠪᠠᠭ᠎ᠢ 3᠄ 1᠎ᠪᠠᠷ ᠢᠯᠠᠵᠤ ᠮᠠᠩᠯᠠᠶ᠋ᠢᠯᠠᠪᠠ᠃