ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2024 ᠤᠨ᠎ᠤ ᠪᠦᠬᠦ ᠤᠯᠤᠰ᠎ᠤᠨ ᠬᠤᠷᠳᠤᠨ ᠮᠤᠷᠢᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠤᠷᠤᠨ᠎ᠤ ᠲᠠᠮᠢᠷᠴᠢᠨ ᠠᠯᠲᠠᠨ ᠮᠧᠳᠠᠯ ᠤᠯᠪᠠ
ᠨᠡᠶ᠋ᠢᠲᠡᠯᠡᠭᠰᠡᠨ ᠴᠠᠭ᠄ 2024-10-30

    10 ᠰᠠᠷ᠎ᠠ ᠵᠢᠨ 27᠎ᠤ ᠡᠳᠦᠷ᠂ 2024 ᠣᠨ᠎ᠤ ᠪᠥᠬᠦ ᠤᠯᠤᠰ᠎ᠤᠨ ᠬᠤᠷᠳᠤᠨ ᠮᠤᠷᠢᠨ᠎ᠤ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ ᠬᠤᠪᠧᠶ ᠮᠤᠵᠢ ᠵᠢᠨ ᠦᠬᠠᠨ ᠬᠤᠲᠠ᠎ᠳᠤ ᠶᠠᠪᠤᠭᠳᠠᠵᠤ᠂ ᠪᠥᠬᠦ ᠤᠯᠤᠰ᠎ᠤᠨ 12 ᠲᠥᠯᠥᠭᠡᠯᠡᠭᠴᠢᠳ᠎ᠤᠨ ᠪᠠᠭ᠎ᠤᠨ 54 ᠲᠠᠮᠢᠷᠴᠢᠨ ᠪᠤᠯᠤᠨ ᠮᠤᠷᠢ ᠤᠷᠤᠯᠳᠤᠭ᠋ᠠᠨ᠎ᠳᠤ ᠤᠷᠤᠯᠴᠠᠵᠦ᠂ ᠮᠠᠨ᠎ᠤ ᠣᠷᠣᠨ 9 ᠲᠠᠮᠢᠷᠴᠢᠨ ᠪᠤᠯᠤᠨ ᠮᠤᠷᠢ ᠲᠣᠮᠢᠯᠠᠨ ᠤᠷᠤᠯᠳᠤᠭ᠋ᠠᠨ᠎ᠳᠤ ᠣᠷᠣᠯᠴᠠᠭᠤᠯᠪᠠ᠃
    ᠬᠤᠷᠴᠠ ᠰᠢᠷᠦᠭᠦᠨ ᠥᠷᠢᠰᠥᠯᠳᠦᠭᠡᠨ ᠵᠶ᠋ᠠᠷ ᠳᠠᠮᠵᠢᠭ᠋ᠠᠳ᠂ ᠸᠠᠩ ᠸᠧᠨ ᠰᠢᠶᠦ᠋ᠨ᠎ᠤ ᠤᠨᠤᠭᠰᠠᠨ ᠦᠷᠢᠶ᠎ᠡ᠎ᠨᠢ ᠦᠷᠢᠶ᠎ᠡ ᠮᠣᠷᠢᠨ᠎ᠤ ᠳᠤᠭᠤᠶ᠋ᠢᠯᠠᠩ᠎ᠤᠨ 1000 ᠮᠸᠲᠷ᠎ᠤᠨ ᠨᠢᠭᠡᠳᠦᠭᠡᠷ᠎ᠲᠤ ᠤᠷᠤᠪᠠ᠂ ᠮᠦᠨ ᠸᠠᠩ ᠸᠸᠨ ᠰᠢᠶᠦ᠋ᠨ᠎ᠤ ᠤᠨᠤᠭᠰᠠᠨ ᠲᠠᠭ᠎ᠠ᠎ᠨᠢ ᠲᠠᠭ᠎ᠠ ᠵᠢᠨ ᠳᠤᠭᠤᠶ᠋ᠢᠯᠠᠩ᠎ᠤᠨ  1000   ᠮᠸᠲᠷ᠎ᠤᠨ ᠤᠷᠤᠯᠳᠤᠭ᠋ᠠᠨ᠎ᠳᠤ ᠬᠤᠶᠠᠳᠤᠭ᠋ᠠᠷ᠎ᠲᠤ ᠤᠷᠤᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠲᠠᠮᠢᠷ᠎ᠤᠨ ᠤᠷᠤᠯᠳᠤᠭ᠋ᠠᠨ ᠵᠶ᠋ᠠᠷ ᠣᠷᠣᠨ ᠨᠤᠲᠤᠭ᠎ᠤᠨ ᠬᠡᠷᠡᠭᠯᠡᠭᠡ ᠵᠢ 345.07 ᠳ᠋ᠦᠩᠰᠢᠭᠤᠷ ᠲᠥᠭᠦᠷᠢᠭ ᠳᠠᠶ᠋ᠢᠴᠢᠯᠠᠵᠠᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠪᠡᠯᠡᠳᠬᠡᠬᠦ ᠵᠢᠴᠢ 2024 ᠣᠨ᠎ᠤ ᠡᠪᠦᠯ᠎ᠤᠨ ᠪᠣᠯᠪᠠᠰᠤᠷᠠᠯ᠎ᠤᠨ ᠳᠠᠶ᠋ᠢᠴᠢᠯᠠᠯᠲᠠ ᠵᠢᠨ ᠶᠡᠭᠡ ᠬᠤᠷᠠᠯ ᠬᠤᠷᠠᠯᠳᠤᠭᠤᠯᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ ᠬᠥᠯᠥᠨ ᠪᠤᠶ᠋ᠢᠷ ᠬᠤᠲᠠ᠎ᠳᠤ ᠶᠠᠪᠤᠭᠳᠠᠨ᠎ᠠ
ᠳ᠋ᠦ᠋ ᠪᠥᠸᠧ ᠵᠢᠶᠦ᠋ᠨ ᠠᠩᠬᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠭᠡ ᠪᠦᠮᠪᠦᠭᠡ ᠵᠢᠨ ᠲᠠᠮᠢᠷ᠎ᠤᠨ ᠴᠤᠭᠯᠠᠭ᠋ᠠᠨ᠎ᠳᠤ ᠤᠷᠤᠯᠴᠠᠵᠦ ᠪᠠᠢ᠌ᠭ᠎ᠠ ᠥᠪᠥᠷ ᠮᠣᠩᠭᠤᠯ᠎ᠤᠨ ᠡᠮᠡᠭᠲᠡᠶ ᠵᠢᠨ ᠠᠯᠠᠭ᠋ᠠᠳᠠᠬᠤ ᠪᠥᠮᠪᠦᠭᠡ ᠵᠢᠨ ᠠᠩᠭᠢ ᠵᠢᠨ ᠲᠠᠮᠢᠷᠴᠢᠳ᠎ᠢ ᠵᠤᠷᠢᠭᠵᠢᠭᠤᠯᠪᠠ
ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ ᠨᠡᠶ᠋ᠢᠲᠡ 58 ᠱᠠᠩᠨᠠᠯ ᠬᠦᠷᠲᠡᠪᠡ
 
            