ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠲᠠᠮᠢᠷ᠎ᠤᠨ ᠤᠷᠤᠯᠳᠤᠭ᠋ᠠᠨ ᠵᠶ᠋ᠠᠷ ᠣᠷᠣᠨ ᠨᠤᠲᠤᠭ᠎ᠤᠨ ᠬᠡᠷᠡᠭᠯᠡᠭᠡ ᠵᠢ 345.07 ᠳ᠋ᠦᠩᠰᠢᠭᠤᠷ ᠲᠥᠭᠦᠷᠢᠭ ᠳᠠᠶ᠋ᠢᠴᠢᠯᠠᠵᠠᠢ
ᠨᠡᠶ᠋ᠢᠲᠡᠯᠡᠭᠰᠡᠨ ᠴᠠᠭ᠄ 2024-10-16

    ᠮᠠᠨ᠎ᠤ ᠣᠷᠣᠨ ᠡᠨᠡ ᠵᠢᠯ᠎ᠤᠨ ᠲᠦᠷᠦᠭᠦᠤ ᠭᠤᠷᠪᠠᠨ ᠤᠯᠠᠷᠢᠯ᠎ᠳᠤ ᠨᠡᠶ᠋ᠢᠲᠡ 415 ᠤᠳᠠᠭ᠋ᠠᠨ᠎ᠤ ᠰᠣᠳᠣᠨ ᠲᠠᠮᠢᠷ᠎ᠤᠨ ᠤᠷᠤᠯᠳᠤᠭ᠋ᠠᠨ ᠥᠷᠨᠢᠭᠦᠯᠵᠦ᠂ ᠰᠢᠭᠤᠳ ᠣᠷᠣᠯᠴᠠᠬᠰᠠᠨ ᠬᠥᠮᠥᠨ᠎ᠤ ᠲᠤᠭ᠎ᠠ 233.22 ᠲᠦᠮᠡᠨ ᠬᠥᠮᠥᠨ ᠤᠳᠠᠭ᠎ᠠ᠎ᠳᠤ ᠬᠦᠷᠴᠦ᠂ ᠡᠭᠦᠨ᠎ᠳᠤ ᠣᠷᠣᠨ᠎ᠤ ᠳᠣᠲᠣᠷ᠎ᠠ ᠰᠢᠭᠤᠳ ᠣᠷᠣᠯᠴᠠᠬᠰᠠᠨ ᠬᠥᠮᠥᠨ᠎ᠤ ᠲᠤᠭ᠎ᠠ 95.28 ᠲᠦᠮᠡᠨ ᠬᠥᠮᠥᠨ ᠤᠳᠠᠭ᠎ᠠ᠎ᠳᠤ ᠬᠦᠷᠴᠦ᠂ ᠭᠠᠳᠠᠷ ᠣᠷᠣᠨ᠎ᠤ ᠬᠥᠮᠥᠰ᠎ᠢ 137.94 ᠲᠦᠮᠡᠨ ᠬᠥᠮᠥᠨ ᠤᠳᠠᠭ᠎ᠠ ᠳᠠᠶ᠋ᠢᠴᠢᠯᠠᠨ ᠣᠷᠣᠯᠴᠠᠭᠤᠯᠵᠤ᠂ ᠨᠡᠶ᠋ᠢᠭᠡᠮ᠎ᠤᠨ ᠠᠩᠬᠠᠷᠤᠯ᠎ᠢ 9929.34 ᠲᠦᠮᠡᠨ ᠬᠥᠮᠥᠨ ᠤᠳᠠᠭ᠎ᠠ ᠲᠠᠲᠠᠵᠤ᠂ ᠣᠷᠣᠨ ᠨᠤᠲᠤᠭ᠎ᠤᠨ ᠬᠡᠷᠡᠭᠯᠡᠭᠡ ᠵᠢ 345.07 ᠳ᠋ᠦᠩᠰᠢᠭᠤᠷ ᠲᠥᠭᠦᠷᠢᠭ ᠳᠠᠶ᠋ᠢᠴᠢᠯᠠᠪᠠ᠃

    ᠣᠶ᠋ᠢᠯᠠᠭ᠋ᠠᠭᠰᠠᠨ ᠵᠶ᠋ᠠᠷ᠂ 2024 ᠣᠨ ᠪᠣᠯ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ      〈ᠠᠷᠪᠠᠨ ᠳᠥᠷᠪᠡᠳᠦᠭᠡᠷ ᠲᠠᠪᠤᠨ ᠵᠢᠯ〉᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ》 ᠵᠢ ᠪᠦᠭᠦ ᠲᠠᠯ᠎ᠠ᠎ᠪᠠᠷ ᠬᠡᠷᠡᠭᠵᠢᠭᠦᠯᠬᠦ ᠵᠠᠩᠭᠢᠯᠠᠭ᠎ᠠ ᠵᠢᠨ ᠵᠢᠯ ᠪᠣᠯᠣᠨ᠎ᠠ᠂ ᠮᠠᠨ᠎ᠤ ᠣᠷᠣᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠪᠠᠷ ᠣᠷᠣᠨ ᠨᠤᠲᠤᠭ᠎ᠤᠨ ᠠᠵᠤ ᠠᠬᠤᠢ ᠵᠢᠨ ᠬᠥᠭᠵᠢᠯᠲᠡ ᠵᠢ ᠳᠠᠶ᠋ᠢᠴᠢᠯᠠᠬᠤ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠦᠷᠭᠦᠯᠵᠢᠯᠡᠨ ᠲᠡᠭᠦᠯᠳᠡᠷᠵᠢᠭᠦᠯᠵᠦ᠂ ᠬᠡᠷᠡᠭᠯᠡᠭᠡᠨ᠎ᠤ ᠠᠵᠢᠯᠯᠠᠭ᠎ᠠ ᠵᠢᠨ ᠰᠢᠨ᠎ᠡ ᠵᠢ ᠴᠢᠷᠮᠠᠶ᠋ᠢᠨ ᠡᠭᠦᠳᠴᠦ᠂ ᠵᠢᠱ᠌ᠢᠶ᠎ᠡ ᠦᠵᠡᠭᠦᠯᠭᠦ ᠲᠠᠪᠴᠠᠩ᠎ᠢ ᠢᠳᠡᠪᠬᠢᠲᠡᠢ ᠪᠠᠶ᠋ᠢᠭᠤᠯᠤᠨ᠂ ᠦᠢ᠍ᠯᠡᠳᠬᠦᠨ᠎ᠤ ᠬᠠᠩᠭ᠋ᠠᠯᠭ᠎ᠠ ᠵᠢ ᠣᠨᠣᠴᠠᠲᠠᠢ ᠪᠠᠶᠠᠯᠢᠭᠵᠢᠭᠤᠯᠵᠤ᠂ ᠤᠷᠢᠳ ᠬᠤᠵᠢᠳ 《ᠪᠡᠶ᠎ᠡ ᠵᠢᠨ ᠲᠠᠮᠢᠷ᠎ᠤᠨ ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ ᠲᠤᠬᠠᠢ ᠠᠷᠭ᠎ᠠ ᠬᠡᠮᠵᠢᠶ᠎ᠡ᠎ᠨᠦᠭᠦᠳ》᠂ 《〈ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠤᠯᠠᠷᠢᠯ〉 ᠵᠢᠴᠢ ᠤᠷᠤᠯᠳᠤᠭ᠋ᠠᠨ᠎ᠤ ᠠᠵᠢᠯᠯᠠᠭ᠎ᠠ ᠵᠢ 〈ᠵᠡᠭᠡᠯᠢ ᠲᠣᠭᠤᠷᠢᠭ᠂ ᠦᠵᠡᠮᠵᠢ ᠵᠢᠨ ᠣᠷᠣᠨ᠂ ᠬᠤᠳᠠᠯᠳᠤᠭ᠋ᠠᠨ᠎ᠤ ᠲᠣᠭᠤᠷᠢᠭ᠎ᠲᠤ ᠣᠷᠣᠭᠤᠯᠵᠤ〉 ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢᠨ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠡᠷᠡᠭᠯᠡᠭᠡᠨ᠎ᠤ ᠬᠠᠯᠠᠮᠰᠢᠯ᠎ᠢ ᠪᠤᠶ ᠪᠣᠯᠭ᠋ᠠᠵᠠᠢ᠃ ᠪᠦᠭᠦ ᠣᠷᠣᠨ᠎ᠤ ᠡᠯ᠎ᠡ ᠭᠠᠵᠠᠷ᠎ᠤᠨ ᠵᠢᠭᠤᠯᠴᠢᠯᠠᠯ᠎ᠤᠨ ᠡᠬᠢ ᠪᠠᠶᠠᠯᠢᠭ᠎ᠲᠤ ᠲᠦᠰᠢᠭᠯᠡᠨ᠂ ᠮᠠᠰᠢᠨ ᠲᠡᠷᠭᠡ ᠵᠢᠯᠤᠭᠤᠳᠬᠤ᠂ ᠮᠣᠲ᠋ᠣᠷ ᠳᠤᠭᠤᠢ ᠤᠨᠤᠬᠤ᠂ ᠠᠭᠤᠯᠠ ᠠᠪᠠᠷᠢᠬᠤ ᠵᠡᠷᠭᠡ ᠤᠷᠤᠯᠳᠤᠭ᠋ᠠᠨ᠎ᠢ ᠢᠳᠡᠪᠬᠢᠲᠡᠢ ᠡᠷᠭᠢᠯᠡᠵᠦ᠂ ᠬᠤᠳᠠᠯᠳᠤᠭ᠋ᠠᠨ᠎ᠤ ᠲᠣᠭᠤᠷᠢᠭ᠂ ᠬᠤᠳᠠᠯᠳᠤᠭ᠋ᠠᠨ᠎ᠤ ᠲᠠᠯᠠᠪᠤᠷ᠎ᠲᠤ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢ᠍ᠯ᠎ᠤᠨ ᠦᠵᠡᠭᠦᠯᠭᠡ ᠵᠢᠨ ᠲᠣᠬᠯᠠᠯᠲᠠ ᠭᠠᠷᠭ᠋ᠠᠬᠤ᠂ ᠪᠡᠶᠡᠴᠢᠯᠡᠨ ᠣᠶ᠋ᠢᠯᠠᠭ᠋ᠠᠬᠤ ᠵᠡᠷᠭᠡ ᠠᠵᠢᠯᠯᠠᠭ᠎ᠠ ᠵᠢ ᠡᠷᠭᠢᠯᠡᠪᠠ᠃ ᠡᠭᠦᠨ᠎ᠤ ᠬᠠᠮᠲᠤ᠂ ᠮᠠᠨ᠎ᠤ ᠣᠷᠣᠨ ᠤᠷᠤᠯᠳᠤᠭ᠋ᠠᠨ᠎ᠢ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠠᠬᠢᠭᠤᠯᠵᠤ᠂ ᠥᠪᠥᠷ ᠮᠣᠩᠭᠤᠯ BA᠂ ᠲᠠᠯ᠎ᠠ ᠨᠤᠲᠤᠭ᠎ᠤᠨ ᠤᠨᠴᠠᠭ᠋ᠠᠢ ᠠᠯᠠᠭ᠋ᠠᠳᠠᠬᠤ ᠪᠥᠮᠪᠦᠭᠡ ᠵᠢᠨ ᠤᠷᠤᠯᠳᠤᠭ᠋ᠠᠨ ᠵᠡᠷᠭᠡ ᠬᠠᠯᠠᠮᠰᠢᠯ᠎ᠲᠠᠢ ᠨᠠᠷᠠᠲᠤ ᠲᠡᠮᠳᠡᠭᠲᠦ ᠤᠷᠤᠯᠳᠤᠭ᠋ᠠᠨ᠎ᠢ ᠡᠷᠭᠢᠯᠡᠪᠡ᠂ ᠡᠭᠦᠨ᠎ᠳᠤ ᠵᠥᠪᠭᠡᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠶᠠᠳᠤᠭ᠋ᠠᠷ ᠬᠤᠭᠤᠴᠠᠭ᠋ᠠᠨ᠎ᠤ ᠡᠶᠡᠯᠰᠡᠭ ᠰᠠᠶ᠋ᠢᠬᠠᠨ ᠬᠥᠳᠡᠭᠡ ᠲᠣᠰᠬᠤᠨ᠎ᠤ ᠮᠠᠯᠴᠢᠨ ᠲᠠᠷᠢᠶᠠᠴᠢᠨ᠎ᠤ ᠡᠷᠡᠭᠲᠡᠢ ᠵᠢᠨ ᠰᠠᠭᠰᠤᠨ ᠪᠥᠮᠪᠦᠭᠡ ᠵᠢᠨ ᠤᠷᠤᠯᠳᠤᠭ᠋ᠠᠨ᠎ᠤ ᠸᠢᠳᠢᠤ᠋ ᠵᠢ ᠰᠣᠨᠢᠷᠬᠠᠭᠰᠠᠨ ᠬᠡᠮᠵᠢᠶ᠎ᠡ 200 ᠲᠦᠮᠡᠨ ᠤᠳᠠᠭ᠎ᠠ ᠵᠢ ᠳᠠᠪᠠᠵᠠᠢ᠃ ᠵᠠᠭᠤ ᠭᠠᠷᠤᠢ ᠲᠠᠯᠠᠪᠤᠷ ᠤᠷᠤᠯᠳᠤᠭ᠋ᠠᠨ᠎ᠢ ᠳᠠᠷᠠᠭ᠋ᠠᠯᠠᠨ ᠥᠷᠨᠢᠭᠦᠯᠵᠦ᠂ ᠬᠡᠳᠦᠨ ᠳ᠋ᠦᠩᠰᠢᠭᠤᠷ ᠲᠥᠭᠦᠷᠢᠭ᠎ᠤᠨ ᠶᠡᠷᠦᠩᠬᠡᠶ᠋ᠢᠯᠡᠭᠰᠡᠨ ᠬᠡᠷᠡᠭᠯᠡᠭᠡ ᠵᠢ ᠲᠠᠶ᠋ᠢᠴᠢᠯᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠪᠡᠯᠡᠳᠬᠡᠬᠦ ᠵᠢᠴᠢ 2024 ᠣᠨ᠎ᠤ ᠡᠪᠦᠯ᠎ᠤᠨ ᠪᠣᠯᠪᠠᠰᠤᠷᠠᠯ᠎ᠤᠨ ᠳᠠᠶ᠋ᠢᠴᠢᠯᠠᠯᠲᠠ ᠵᠢᠨ ᠶᠡᠭᠡ ᠬᠤᠷᠠᠯ ᠬᠤᠷᠠᠯᠳᠤᠭᠤᠯᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ ᠬᠥᠯᠥᠨ ᠪᠤᠶ᠋ᠢᠷ ᠬᠤᠲᠠ᠎ᠳᠤ ᠶᠠᠪᠤᠭᠳᠠᠨ᠎ᠠ
ᠳ᠋ᠦ᠋ ᠪᠥᠸᠧ ᠵᠢᠶᠦ᠋ᠨ ᠠᠩᠬᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠭᠡ ᠪᠦᠮᠪᠦᠭᠡ ᠵᠢᠨ ᠲᠠᠮᠢᠷ᠎ᠤᠨ ᠴᠤᠭᠯᠠᠭ᠋ᠠᠨ᠎ᠳᠤ ᠤᠷᠤᠯᠴᠠᠵᠦ ᠪᠠᠢ᠌ᠭ᠎ᠠ ᠥᠪᠥᠷ ᠮᠣᠩᠭᠤᠯ᠎ᠤᠨ ᠡᠮᠡᠭᠲᠡᠶ ᠵᠢᠨ ᠠᠯᠠᠭ᠋ᠠᠳᠠᠬᠤ ᠪᠥᠮᠪᠦᠭᠡ ᠵᠢᠨ ᠠᠩᠭᠢ ᠵᠢᠨ ᠲᠠᠮᠢᠷᠴᠢᠳ᠎ᠢ ᠵᠤᠷᠢᠭᠵᠢᠭᠤᠯᠪᠠ
ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ ᠨᠡᠶ᠋ᠢᠲᠡ 58 ᠱᠠᠩᠨᠠᠯ ᠬᠦᠷᠲᠡᠪᠡ
ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠢ᠌ᠳᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
 
            