ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ ᠬᠥᠯᠥᠨ ᠪᠤᠶ᠋ᠢᠷ ᠬᠤᠲᠠ᠎ᠳᠤ ᠶᠠᠪᠤᠭᠳᠠᠨ᠎ᠠ
ᠨᠡᠶ᠋ᠢᠲᠡᠯᠡᠭᠰᠡᠨ ᠴᠠᠭ᠄ 2024-11-15

    ᠣᠶ᠋ᠢᠯᠠᠭ᠋ᠠᠭᠰᠠᠨ ᠵᠶ᠋ᠠᠷ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠵᠥᠪᠰᠢᠶᠡᠷᠡᠯ ᠵᠶ᠋ᠠᠷ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠢ᠌ᠳᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ 2024 ᠣᠨ᠎ᠤ 12 ᠰᠠᠷ᠎ᠠ᠎ᠳᠤ ᠥᠪᠥᠷ ᠮᠣᠩᠭᠤᠯ᠎ᠤᠨ ᠬᠥᠯᠥᠨ ᠪᠤᠶ᠋ᠢᠷ ᠬᠤᠲᠠ᠎ᠳᠤ ᠶᠠᠪᠤᠭᠳᠠᠨ᠎ᠠ᠃ ᠡᠨᠡ ᠪᠣᠯ 2024 ᠣᠨ᠎ᠳᠤ ᠥᠪᠥᠷ ᠮᠣᠩᠭᠤᠯ᠎ᠤᠨ ᠬᠥᠯᠥᠨ ᠪᠤᠶ᠋ᠢᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠭᠢᠯᠡᠭᠰᠡᠨ᠎ᠤ ᠲᠠᠷᠠᠭ᠎ᠠ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠎ᠠᠴᠠ ᠪᠠᠰᠠ ᠨᠢᠭᠡ ᠴᠢᠬᠤᠯᠠ ᠶᠡᠭᠡ ᠮᠥᠰᠥ ᠴᠠᠰᠤᠨ᠎ᠤ ᠠᠵᠢᠯᠯᠠᠭ᠎ᠠ ᠵᠢ ᠬᠥᠯᠥᠨ ᠪᠤᠶ᠋ᠢᠷ᠎ᠲᠤ ᠲᠤᠰᠢᠶᠠᠵᠤ ᠪᠠᠶ᠋ᠢᠭ᠎ᠠ ᠶᠠᠪᠤᠳᠠᠯ ᠪᠣᠯᠤᠨ᠎ᠠ᠃
    ᠡᠭᠦᠨ ᠵᠶ᠋ᠠᠷ ᠠᠵᠠ ᠲᠣᠬᠢᠶᠠᠯ ᠪᠣᠯᠭ᠋ᠠᠵᠤ᠂ ᠬᠥᠯᠥᠨ ᠪᠤᠶ᠋ᠢᠷ ᠬᠤᠲᠠ ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠬᠤᠲᠠ ᠵᠢᠨ ᠬᠡᠬᠡᠷ᠎ᠡ ᠴᠠᠰᠤᠨ᠎ᠳᠤ ᠭᠤᠯᠭᠤᠬᠤ ᠴᠡᠴᠡᠷᠯᠢᠭ᠎ᠢ ᠬᠦᠴᠦᠯᠡᠨ ᠪᠠᠶ᠋ᠢᠭᠤᠯᠵᠤ᠂ ᠬᠠᠶ᠋ᠢᠯᠠᠷ᠎ᠤᠨ ᠭᠤᠣᠯ ᠬᠤᠲᠠ ᠲᠣᠭᠤᠷᠢᠭ᠎ᠤᠨ ᠢᠮᠢᠨ ᠭᠤᠣᠯ᠎ᠤᠨ ᠬᠤᠶᠠᠷ ᠡᠷᠭᠢ ᠵᠢ ᠲᠠᠭ᠋ᠠᠵᠤ ᠪᠠᠷᠤᠭ 20 ᠺᠢᠯᠤᠮᠸᠲᠷ ᠤᠷᠳᠤ᠂ 10 ᠮᠸᠲᠷ ᠥᠷᠭᠡᠨ ᠤᠯᠠᠨ ᠲᠦᠮᠡᠨ᠎ᠤ ᠬᠡᠭᠡᠷᠡᠯᠡᠨ ᠴᠠᠨᠠᠯᠠᠬᠤ ᠵᠠᠮ ᠳᠡᠪᠢᠰᠴᠦ᠂ ᠵᠠᠮ ᠳᠤᠮᠳᠠ᠎ᠨᠢ ᠨᠡᠯᠢᠶᠡᠳ ᠥᠷᠲᠡᠭᠡ ᠪᠠᠶ᠋ᠢᠭᠤᠯᠵᠤ᠂ ᠠᠷᠠᠳ ᠤᠯᠠᠨ᠎ᠤ ᠴᠠᠰᠤᠨ᠎ᠳᠤ ᠭᠤᠯᠭᠤᠬᠤ᠂ ᠠᠮᠠᠷᠠᠬᠤ ᠵᠢ ᠬᠠᠩᠭ᠋ᠠᠬᠤ ᠪᠤᠯᠤᠨ᠎ᠠ᠃ ᠡᠬᠢᠯᠡᠯᠲᠡ ᠵᠢᠨ ᠶᠣᠰᠣᠯᠠᠯ᠎ᠤᠨ ᠲᠤᠬᠠᠶ ᠵᠢᠨ ᠡᠳᠦᠷ᠂ ᠪᠥᠬᠦ ᠣᠷᠣᠨ᠎ᠤ ᠡᠯ᠎ᠡ ᠠᠶ᠋ᠢᠮᠠᠭ ᠬᠤᠲᠠ᠎ᠨᠤᠭᠤᠳ ᠲᠤᠬᠠᠶ ᠵᠢᠨ ᠭᠠᠵᠠᠷ᠎ᠤᠨ ᠣᠨᠴᠠᠯᠢᠭ ᠪᠥᠬᠦᠶ ᠣᠯᠠᠨ ᠨᠡᠢ᠌ᠳᠡ ᠵᠢᠨ ᠮᠥᠰᠥ ᠴᠠᠰᠤᠨ᠎ᠤ ᠤᠷᠤᠯᠳᠤᠭ᠋ᠠᠨ᠎ᠤ ᠶᠠᠪᠤᠳᠠᠯ᠎ᠢ ᠵᠡᠷᠭᠡ᠎ᠪᠠᠷ ᠬᠠᠮᠲᠤᠷᠠᠨ ᠡᠷᠭᠢᠯᠡᠵᠦ᠂ ᠣᠯᠠᠨ ᠨᠡᠢ᠌ᠳᠡ ᠵᠢᠨ ᠮᠥᠰᠥ ᠴᠠᠰᠤᠨ᠎ᠤ ᠤᠯᠠᠷᠢᠯ᠎ᠤᠨ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠬᠥᠯᠥᠨ ᠪᠤᠶ᠋ᠢᠷ ᠬᠤᠲᠠ᠎ᠠᠴᠠ ᠬᠠᠶ᠋ᠢᠯᠠᠷ᠂ ᠵᠠᠯᠠᠨ ᠠᠶ᠋ᠢᠯ᠂ ᠶᠠᠭᠰᠢ᠂ ᠡᠷᠭᠦᠨ᠎ᠠ᠎ᠳᠤ᠂ ᠡᠬᠢᠯᠡᠯᠲᠡ ᠵᠢᠨ ᠶᠣᠰᠣᠯᠠᠯ᠎ᠤᠨ ᠲᠣᠭᠤᠷᠢᠨ᠎ᠳᠤ ᠣᠯᠠᠨ   ᠨᠡᠢ᠌ᠳᠡ ᠵᠢᠨ ᠴᠠᠰᠤᠨ᠎ᠳᠤ ᠭᠤᠯᠭᠤᠬᠤ ᠡᠬᠢᠯᠡᠯᠲᠡ ᠵᠢᠨ ᠶᠣᠰᠣᠯᠠᠯ᠂ ᠮᠥᠰᠥ ᠴᠠᠰᠤᠨ᠎ᠤ ᠨᠠᠭ᠋ᠠᠳᠤᠮ᠂ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠤᠷᠤᠯᠳᠤᠭ᠋ᠠᠨ ᠪᠠ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠡᠷᠭᠡ 30 ᠭᠠᠷᠤᠶ ᠲᠠᠯᠠᠪᠤᠷ ᠠᠵᠢᠯᠯᠠᠭ᠎ᠠ ᠡᠷᠬᠢᠯᠡᠬᠦ ᠵᠢᠨ ᠬᠠᠮᠳᠦ ᠤᠯᠤᠰ᠎ᠲᠠᠭᠠᠨ ᠦᠢ᠍ᠯᠡᠳᠪᠦᠷᠢᠯᠡᠭᠰᠡᠨ ᠮᠥᠰᠥ ᠴᠠᠰᠤᠨ᠎ᠤ ᠲᠣᠨᠤᠭ ᠲᠥᠬᠦᠭᠡᠷᠦᠮᠵᠢ ᠵᠢ ᠳᠡᠯᠭᠡᠨ ᠪᠣᠷᠣᠯᠠᠭᠤᠯᠬᠤ ᠵᠡᠷᠭᠡ ᠠᠵᠢᠯᠯᠠᠭ᠎ᠠ ᠡᠷᠬᠢᠯᠡᠨ᠎ᠡ᠃ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠎ᠠᠴᠠ ᠪᠠᠰᠠ ᠤᠷᠤᠯᠳᠤᠭ᠋ᠠᠨ᠎ᠢ ᠳᠠᠭ᠋ᠠᠵᠤ ᠵᠢᠭᠤᠯᠴᠢᠯᠠᠬᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠨ᠎ᠡ᠃
    ᠣᠶ᠋ᠢᠷ᠎ᠠ᠎ᠳᠤ᠂ 《ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠴᠢᠨᠠᠷ ᠰᠠᠶ᠋ᠢᠲᠠᠶ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠶ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠶ ᠰᠠᠨᠠᠯ᠎ᠤᠳ》᠎ᠢ ᠨᠡᠶ᠋ᠢᠲᠡᠯᠡᠪᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠢ᠌ᠳᠡ ᠵᠢᠨ ᠮᠥᠰᠥ ᠴᠠᠰᠤᠨ᠎ᠤ ᠤᠯᠠᠷᠢᠯ᠎ᠢ ᠲᠠᠭ᠋ᠠᠭ᠋ᠠᠴᠢᠯᠠᠨ ᠡᠷᠭᠢᠯᠡᠬᠦ᠎ᠪᠠᠷ ᠠᠵᠠ ᠲᠣᠬᠢᠶᠠᠯ ᠪᠣᠯᠭ᠋ᠠᠵᠤ᠂ 《ᠰᠠᠨᠠᠯ》᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠯ᠎ᠡ ᠠᠶ᠋ᠢᠮᠠᠭ ᠬᠤᠲᠠ᠂ ᠡᠯ᠎ᠡ ᠰᠠᠯᠠᠭ᠎ᠠ ᠮᠥᠴᠢᠷ᠎ᠲᠠᠢ ᠢᠳᠡᠪᠬᠢᠲᠡᠶ ᠵᠣᠯᠭ᠋ᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠥᠪᠡᠷᠮᠢᠴᠡ ᠣᠷᠣᠨ ᠪᠠᠶ᠋ᠢᠷᠢ ᠵᠢᠨ ᠳᠠᠪᠠᠭᠤᠯᠢᠭ᠎ᠢ ᠪᠠᠳᠠᠷᠠᠭᠤᠯᠤᠨ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠴᠢᠨᠠᠷ ᠰᠠᠶ᠋ᠢᠲᠠᠶ ᠬᠥᠭᠵᠢᠯᠲᠡ᠎ᠪᠠᠷ ᠮᠥᠰᠥ ᠴᠠᠰᠤᠨ᠎ᠤ ᠰᠣᠶᠣᠯ᠂ ᠮᠥᠰᠥ ᠴᠠᠰᠤᠨ᠎ᠤ ᠵᠢᠭᠤᠯᠴᠢᠯᠠᠯ᠂ ᠮᠥᠰᠥ ᠴᠠᠰᠤᠨ᠎ᠤ ᠬᠡᠷᠡᠭᠯᠡᠭᠡᠨ᠎ᠤ ᠵᠣᠬᠢᠴᠠᠯᠳᠤᠨ ᠬᠥᠭᠵᠢᠬᠦ ᠵᠢ ᠠᠬᠢᠭᠤᠯᠵᠤ᠂ ᠮᠥᠰᠥ ᠴᠠᠰᠤᠨ᠎ᠤ ᠠᠵᠤ ᠠᠬᠤᠶ ᠵᠢᠨ ᠠᠮᠢᠵᠢᠷᠠᠯ᠎ᠤᠨ ᠬᠦᠴᠦᠨ᠎ᠢ ᠬᠦᠭᠵᠢᠭᠡᠬᠦ ᠪᠤᠯᠤᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠳ᠋ᠦ᠋ ᠪᠥᠸᠧ ᠵᠢᠶᠦ᠋ᠨ ᠠᠩᠬᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠭᠡ ᠪᠦᠮᠪᠦᠭᠡ ᠵᠢᠨ ᠲᠠᠮᠢᠷ᠎ᠤᠨ ᠴᠤᠭᠯᠠᠭ᠋ᠠᠨ᠎ᠳᠤ ᠤᠷᠤᠯᠴᠠᠵᠦ ᠪᠠᠢ᠌ᠭ᠎ᠠ ᠥᠪᠥᠷ ᠮᠣᠩᠭᠤᠯ᠎ᠤᠨ ᠡᠮᠡᠭᠲᠡᠶ ᠵᠢᠨ ᠠᠯᠠᠭ᠋ᠠᠳᠠᠬᠤ ᠪᠥᠮᠪᠦᠭᠡ ᠵᠢᠨ ᠠᠩᠭᠢ ᠵᠢᠨ ᠲᠠᠮᠢᠷᠴᠢᠳ᠎ᠢ ᠵᠤᠷᠢᠭᠵᠢᠭᠤᠯᠪᠠ
ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ ᠨᠡᠶ᠋ᠢᠲᠡ 58 ᠱᠠᠩᠨᠠᠯ ᠬᠦᠷᠲᠡᠪᠡ
ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠢ᠌ᠳᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶᠠᠨ᠎ᠤ ᠳᠠᠷᠤᠭ᠎ᠠ ᠵᠢᠨ ᠬᠤᠷᠠᠯ ᠬᠤᠷᠠᠯᠳᠤᠪᠠ
 
            