11 ᠰᠠᠷ᠎ᠠ ᠵᠢᠨ 20᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ᠂ ᠠᠩᠬᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠭᠡ ᠪᠥᠮᠪᠥᠭᠡᠨ᠎ᠤ ᠲᠠᠮᠢᠷ᠎ᠤᠨ ᠴᠤᠭᠯᠠᠭ᠋ᠠᠨ᠎ᠤ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠳᠠᠷᠤᠭ᠎ᠠ ᠳ᠋ᠦ᠋ ᠪᠥᠸᠧ ᠵᠢᠶᠦ᠋ᠨ ᠬᠤᠨᠠᠨ᠎ᠤ ᠪᠠᠭᠰᠢ ᠵᠢᠨ ᠶᠡᠭᠡ ᠰᠤᠷᠭ᠋ᠠᠭᠤᠯᠢ᠎ᠳᠤ ᠬᠦᠷᠴᠦ᠂ ᠲᠤᠬᠠᠶ ᠵᠢᠨ ᠲᠠᠯᠠᠪᠠᠶ᠎ᠳᠤ ᠥᠪᠥᠷ ᠮᠣᠩᠭᠤᠯ᠎ᠤᠨ ᠡᠮᠡᠭᠲᠡᠶ ᠵᠢᠨ ᠠᠯᠠᠭ᠋ᠠᠳᠠᠬᠤ ᠪᠥᠮᠪᠦᠭᠡ ᠵᠢᠨ ᠠᠩᠭᠢ ᠬᠢᠭᠡᠳ ᠯᠢᠶᠣᠤᠨᠢᠩ᠎ᠤᠨ ᠡᠮᠡᠭᠲᠡᠶ ᠵᠢᠨ ᠠᠯᠠᠭ᠋ᠠᠳᠠᠬᠤ ᠪᠥᠮᠪᠦᠭᠡ ᠵᠢᠨ ᠠᠩᠭᠢ ᠵᠢᠨ ᠤᠷᠤᠯᠳᠤᠭ᠋ᠠᠨ᠎ᠢ ᠰᠣᠨᠢᠷᠬᠠᠵᠤ᠂ ᠲᠠᠮᠢᠷᠴᠢᠳ᠎ᠢ ᠵᠤᠷᠢᠭᠵᠢᠭᠤᠯᠪᠠ᠃

ᠤᠷᠤᠯᠳᠤᠭ᠋ᠠᠨ᠎ᠳᠤ ᠥᠪᠥᠷ ᠮᠣᠩᠭᠣᠯ᠎ᠤᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠯᠢᠶᠣᠤᠨᠢᠩ᠎ᠤᠨ ᠡᠮᠡᠭᠲᠡᠢ ᠵᠢᠨ ᠠᠯᠠᠭ᠋ᠠᠳᠠᠬᠤ ᠪᠥᠮᠪᠥᠭᠡ ᠵᠢᠨ ᠠᠩᠭᠢ ᠵᠢ ᠢᠯᠠᠪᠠ᠃ ᠤᠷᠤᠯᠳᠤᠭ᠋ᠠᠨ᠎ᠤ ᠳᠠᠷᠠᠭ᠎ᠠ᠂ ᠳ᠋ᠦ᠋ ᠪᠥᠸᠧ ᠵᠢᠶᠦ᠋ᠨ ᠥᠪᠥᠷ ᠮᠣᠩᠭᠤᠯ᠎ᠤᠨ ᠡᠮᠡᠭᠲᠡᠶ ᠵᠢᠨ ᠠᠯᠠᠭ᠋ᠠᠳᠠᠬᠤ ᠪᠥᠮᠪᠦᠭᠡ ᠵᠢᠨ ᠠᠩᠭᠢ᠎ᠳᠤ ᠬᠠᠯᠠᠭᠤᠨ ᠪᠠᠶᠠᠷ ᠬᠦᠷᠭᠡᠵᠦ᠂ ᠲᠠᠮᠢᠷᠴᠢᠳ᠎ᠤᠨ ᠤᠷᠤᠯᠳᠤᠭ᠋ᠠᠨ᠎ᠤ ᠳᠤᠮᠳᠠᠬᠢ ᠢᠯᠡᠷᠡᠯ᠎ᠢ ᠭᠦᠢ᠍ᠴᠡᠳ ᠨᠤᠲᠠᠯᠠᠪᠠ᠃

ᠳ᠋ᠦ᠋ ᠪᠥᠸᠧ ᠵᠢᠶᠦ᠋ᠨ᠎ᠠᠴᠠ᠂ ᠥᠪᠥᠷ ᠮᠣᠩᠭᠤᠯ᠎ᠤᠨ ᠡᠮᠡᠭᠲᠡᠶ ᠵᠢᠨ ᠠᠯᠠᠭ᠋ᠠᠳᠠᠬᠤ ᠪᠥᠮᠪᠦᠭᠡ ᠵᠢᠨ ᠠᠩᠭᠢ ᠤᠷᠤᠯᠳᠤᠭ᠋ᠠᠨ᠎ᠤ ᠲᠠᠯᠠᠪᠠᠶ᠎ᠳᠤ ᠰᠠᠶ᠋ᠢᠨ ᠰᠠᠶ᠋ᠢᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠠ ᠭᠠᠷᠮᠠᠭ᠋ᠠᠶ ᠮᠡᠷᠭᠡᠵᠢᠯ ᠪᠠᠶ᠋ᠢᠯᠳᠤᠬᠤ ᠠᠷᠭ᠎ᠠ ᠵᠢᠨ ᠬᠢᠷᠢ ᠲᠦᠪᠰᠢᠨ᠎ᠢ ᠢᠯᠡᠷᠡᠭᠦᠯᠵᠦ᠂ ᠤᠷᠤᠯᠳᠤᠭ᠋ᠠᠨ᠎ᠤ ᠢᠯᠠᠯᠲᠠ ᠵᠢ ᠤᠯᠤᠯ᠎ᠠ᠃ ᠡᠮᠡᠭᠲᠡᠶ ᠵᠢᠨ ᠠᠯᠠᠭ᠋ᠠᠳᠠᠬᠤ ᠪᠥᠮᠪᠦᠭᠡ ᠵᠢᠨ ᠠᠩᠭᠢ ᠵᠢᠨ ᠲᠠᠮᠢᠷᠴᠢᠳ ᠪᠠᠷᠳᠠᠮᠨᠠᠬᠤ ᠥᠬᠡᠶ ᠪᠠᠴᠢᠮᠳᠠᠬᠤ ᠥᠬᠡᠶ ᠪᠠᠶ᠋ᠢᠵᠤ᠂ ᠪᠥᠬᠦ ᠲᠠᠯ᠎ᠠ᠎ᠪᠠᠷ ᠳ᠋ᠦᠩᠨᠡᠵᠦ᠂ ᠲᠠᠷᠠᠭ᠋ᠠᠴᠢ ᠵᠢᠨ ᠤᠷᠤᠯᠳᠤᠭ᠋ᠠᠨ᠎ᠤ ᠪᠡᠯᠡᠳᠬᠡᠯ᠎ᠢ ᠦᠷᠭᠦᠯᠵᠢᠯᠡᠨ ᠰᠠᠶ᠋ᠢᠲᠤᠷ ᠬᠢᠵᠦ᠂ ᠬᠦᠴᠦᠷᠬᠡᠭ ᠦᠷᠢᠰᠦᠯᠳᠦᠭᠴᠢ᠎ᠲᠠᠢ ᠵᠣᠷᠢᠭᠲᠠᠶ᠎ᠪᠠᠷ ᠦᠷᠢᠰᠦᠯᠳᠦᠨ᠂ ᠵᠤᠷᠢᠭ ᠰᠠᠨᠠᠭ᠎ᠠ᠂ ᠬᠢᠷᠢ ᠲᠦᠪᠰᠢᠨ ᠵᠶ᠋ᠠᠨ ᠢᠯᠡᠷᠡᠭᠦᠯᠵᠦ᠂ ᠰᠠᠶ᠋ᠢᠨ ᠬᠢᠷᠢ ᠪᠦᠲᠦᠮᠵᠢ ᠤᠯᠬᠤ᠎ᠪᠠᠷ ᠴᠢᠷᠮᠠᠶ᠋ᠢᠵᠤ᠂ ᠪᠥᠬᠦ ᠤᠯᠤᠰ᠎ᠤᠨ ᠠᠷᠠᠳ ᠲᠦᠮᠡᠨ᠎ᠳᠤ ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠴᠤᠭ ᠵᠢᠪᠬᠤᠭ᠎ᠠ ᠵᠢ ᠢᠯᠡᠷᠡᠭᠦᠯᠬᠦ ᠵᠢ ᠬᠦᠰᠡᠵᠦ ᠪᠠᠶ᠋ᠢᠨ᠎ᠠ ᠭᠡᠵᠡᠶ᠃