12 ᠰᠠᠷ᠎ᠠ ᠵᠢᠨ 14᠎ᠤ ᠡᠳᠦᠷ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠤᠯᠠᠨ ᠨᠡᠢ᠌ᠳᠡ ᠵᠢᠨ ᠮᠦᠰᠦ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠥᠬᠡᠬᠤᠲᠠ᠎ᠳᠤ ᠬᠤᠷᠠᠯᠳᠤᠪᠠ᠃ ᠲᠠᠨᠢᠯᠴᠠᠭᠤᠯᠤᠭᠰᠠᠨ ᠵᠶ᠋ᠠᠷ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ 12 ᠰᠠᠷ᠎ᠠ ᠵᠢᠨ 21᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠨ ᠪᠤᠶ᠋ᠢᠷ ᠬᠤᠲᠠ᠎ᠳᠤ ᠶᠠᠪᠤᠭᠳᠠᠨ᠎ᠠ᠃

ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠵᠤᠷᠭ᠋ᠠᠨ᠎ᠤ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠬᠤᠩ ᠢᠦᠶ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠭ᠎ᠠ ᠳ᠋ᠦ᠋ ᠪᠥᠸᠧ ᠵᠢᠶᠦ᠋ᠨ᠂ ᠬᠥᠯᠥᠨ ᠪᠤᠶ᠋ᠢᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠤᠲᠠ ᠵᠢᠨ ᠳᠠᠷᠤᠭ᠎ᠠ ᠰᠦᠨ ᠸᠧᠶ ᠨᠡᠷ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠵᠤ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ᠎ᠤᠨ ᠡᠬᠢᠯᠡᠯᠲᠡ ᠵᠢᠨ ᠶᠣᠰᠣᠯᠠᠯ ᠵᠢᠴᠢ ᠬᠠᠮᠢᠶ᠎ᠠ ᠪᠥᠬᠦᠶ ᠤᠷᠤᠯᠳᠤᠭ᠋ᠠᠨ᠎ᠤ ᠠᠵᠢᠯᠯᠠᠭ᠎ᠠ ᠵᠢᠨ ᠪᠠᠶ᠋ᠢᠳᠠᠯ᠎ᠢ ᠲᠠᠨᠢᠯᠴᠠᠭᠤᠯᠬᠤ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

ᠡᡁᠧ ᠬᠤᠩ ᠢᠦᠢ ᠢᠯᠡᠷᠬᠡᠢ᠌ᠯᠡᠬᠦ᠎ᠳᠤ᠎ᠪᠠᠨ᠂ ᠪᠦᠬᠦ ᠤᠯᠤᠰ᠎ᠤᠨ ᠤᠯᠠᠨ ᠨᠡᠢ᠌ᠳᠡ ᠵᠢᠨ ᠮᠥᠰᠥ ᠴᠠᠰᠤᠨ᠎ᠤ ᠤᠯᠠᠷᠢᠯ᠎ᠤᠨ ᠵᠢᠱ᠌ᠢᠶ᠎ᠡ ᠦᠵᠡᠭᠦᠯᠬᠦ ᠲᠠᠶ᠋ᠢᠴᠢᠯᠠᠯᠳᠠ ᠳᠣᠣᠷ᠎ᠠ᠂ ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠪᠠᠶᠠᠯᠢᠭ ᠤᠯᠠᠨ ᠶᠠᠩᠵᠤ ᠵᠢᠨ᠂ ᠢᠯᠡ ᠲᠣᠳᠣ ᠤᠯᠠᠨ ᠲᠦᠮᠡᠨᠴᠢ ᠴᠢᠨᠠᠷᠲᠠᠢ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠎ᠠ ᠵᠢ ᠥᠷᠨᠢᠭᠦᠯᠵᠦ᠂ 《ᠭᠤᠷᠪᠠᠨ ᠳ᠋ᠦᠩᠰᠢᠭᠤᠷ ᠬᠥᠮᠦᠨ᠎ᠢ ᠲᠠᠶ᠋ᠢᠴᠢᠯᠠᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠤᠯᠬᠤ》 ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ᠎ᠳᠤ ᠴᠢᠬᠤᠯᠠ ᠦᠢ᠍ᠯᠡᠳᠦᠯ ᠦᠵᠡᠭᠦᠯᠪᠡ ᠭᠡᠵᠡᠢ᠃ ᠣᠳᠣᠬᠠᠨ᠎ᠳᠤ᠂ ᠪᠥᠬᠦ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ ᠢ ᠨᠢᠭᠡᠨᠲᠡ 10 ᠵᠢᠯ ᠠᠮᠵᠢᠯᠲᠠ᠎ᠲᠠᠢ ᠡᠷᠭᠢᠯᠡᠵᠦ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠲᠦᠭᠡᠮᠡᠯᠵᠢᠭᠦᠯᠦᠨ ᠬᠥᠭᠵᠢᠭᠦᠯᠬᠦ ᠵᠢ ᠦᠷᠭᠦᠯᠵᠢᠯᠡᠨ ᠠᠬᠢᠭᠤᠯᠬᠤ ᠴᠢᠬᠤᠯᠠ ᠠᠵᠢᠯ᠎ᠤᠨ ᠲᠠᠪᠴᠠᠩ ᠪᠠ ᠨᠠᠷᠠᠲᠤ ᠲᠡᠮᠳᠡᠭᠲᠦ ᠵᠢᠨ ᠴᠢᠨᠠᠷᠲᠠᠶ ᠠᠵᠢᠯᠯᠠᠭ᠎ᠠ ᠪᠣᠯᠤᠭᠰᠠᠨ ᠪᠠᠶ᠋ᠢᠨ᠎ᠠ᠃ ᠲᠣᠰ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠶ᠋ᠢᠲᠡ ᠵᠢᠨ ᠮᠥᠰᠥ ᠴᠠᠰᠤᠨ᠎ᠤ ᠤᠯᠠᠷᠢᠯ᠎ᠳᠤ 《ᠪᠠᠶᠠᠷ ᠬᠥᠷ᠎ᠲᠠᠢ ᠮᠥᠰᠥ ᠴᠠᠰᠤ ᠬᠠᠮᠲᠤ᠎ᠪᠠᠷ ᠢᠷᠡᠭᠡᠳᠦᠶ ᠵᠢ ᠴᠣᠭᠴᠠᠯᠠᠬᠤ》᠎ᠪᠠᠷ ᠭᠤᠤᠯ ᠰᠡᠳᠦᠪ ᠪᠣᠯᠭ᠋ᠠᠵᠤ᠂ ᠪᠥᠬᠦ ᠤᠯᠤᠰ᠎ᠤᠨ ᠡᠯ᠎ᠡ ᠭᠠᠵᠠᠷ᠎ᠤᠨ ᠥᠷᠨᠢᠭᠦᠯᠬᠦ᠎ᠪᠠᠷ ᠲᠥᠯᠥᠪᠯᠡᠵᠦ ᠪᠠᠶ᠋ᠢᠭ᠎ᠠ ᠡᠯ᠎ᠡ ᠱᠠᠲᠤᠨ᠎ᠤ ᠡᠯ᠎ᠡ ᠲᠥᠷᠥᠯ᠎ᠤᠨ ᠪᠥᠬᠦ ᠤᠯᠤᠰ᠎ᠤᠨ ᠴᠢᠨᠠᠷᠲᠠᠶ ᠬᠤᠯᠪᠣᠭ᠋ᠠᠯᠠᠨ ᠬᠥᠳᠡᠯᠦᠯᠴᠡᠭᠰᠡᠨ ᠪᠤᠶᠤ ᠣᠷᠣᠨ ᠪᠦᠰᠡ ᠵᠢᠨ ᠴᠢᠨᠠᠷᠲᠠᠶ ᠬᠤᠯᠪᠣᠭ᠋ᠠᠯᠠᠨ ᠬᠥᠳᠡᠯᠦᠯᠴᠡᠭᠰᠡᠨ ᠣᠯᠠᠨ ᠨᠡᠢ᠌ᠳᠡ ᠵᠢᠨ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠎ᠠ ᠨᠡᠶ᠋ᠢᠲᠡ 1853 ᠵᠦᠢ᠍ᠯ ᠪᠠᠶ᠋ᠢᠵᠤ᠂ ᠡᠭᠦᠨ᠎ᠳᠤ ᠮᠦᠰᠦ ᠴᠠᠰᠤᠨ᠎ᠤ ᠤᠷᠤᠯᠳᠤᠭ᠋ᠠᠨ 820 ᠵᠦᠢ᠍ᠯ ᠪᠠᠶ᠋ᠢᠵᠤ᠂ ᠮᠥᠰᠥ ᠴᠠᠰᠤᠨ᠎ᠤ ᠠᠵᠢᠯᠯᠠᠭ᠎ᠠ 655 ᠵᠦᠢ᠍ᠯ ᠪᠠᠶ᠋ᠢᠵᠤ᠂ ᠮᠥᠰᠥ ᠴᠠᠰᠤᠨ᠎ᠤ ᠦᠪᠡᠳᠡᠭᠰᠢ ᠨᠠᠶ᠋ᠢᠷ ᠵᠢᠴᠢ ᠪᠤᠰᠤᠳ ᠶᠡᠷᠦᠩᠬᠡᠶ᠋ᠢᠯᠡᠭᠰᠡᠨ ᠴᠢᠨᠠᠷᠲᠠᠶ ᠠᠵᠢᠯᠯᠠᠭ᠎ᠠ ᠵᠡᠷᠭᠡ 378 ᠵᠦᠢ᠍ᠯ ᠪᠣᠶ᠃

ᠳ᠋ᠦ᠋ ᠪᠥᠸᠧ ᠵᠢᠶᠦ᠋ᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠣᠯᠠᠨ ᠨᠡᠢ᠌ᠳᠡ ᠵᠢᠨ ᠮᠦᠰᠦ ᠴᠠᠰᠤᠨ᠎ᠤ ᠤᠯᠠᠷᠢᠯ᠎ᠤᠨ ᠪᠦᠬᠦᠯᠢ ᠴᠣᠭᠴᠠ ᠵᠢᠨ ᠠᠵᠢᠯᠯᠠᠭ᠎ᠠ ᠵᠢᠨ ᠪᠡᠯᠡᠳᠬᠡᠯ ᠠᠵᠢᠯ᠎ᠤᠨ ᠪᠠᠶ᠋ᠢᠳᠠᠯ᠎ᠢ ᠭᠤᠤᠯᠳᠠᠯᠭ᠎ᠠ᠎ᠲᠠᠢ ᠲᠠᠨᠢᠯᠴᠠᠭᠤᠯᠪᠠ᠃ ᠡᠬᠢᠯᠡᠯᠲᠡ ᠵᠢᠨ ᠶᠣᠰᠣᠯᠠᠯ᠎ᠤᠨ ᠲᠤᠬᠠᠶ ᠵᠢᠨ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠤᠲᠠ ᠪᠡᠯᠭᠡᠯᠡᠬᠦ ᠶᠣᠰᠣᠯᠠᠯ᠎ᠢ ᠵᠡᠷᠭᠡ᠎ᠪᠠᠷ ᠡᠷᠬᠢᠯᠡᠬᠦ ᠵᠢᠨ ᠬᠠᠮᠲᠤ ᠣᠷᠣᠨ ᠨᠤᠲᠤᠭ᠎ᠤᠨ ᠣᠨᠴᠠᠯᠢᠭ᠎ᠲᠠᠢ ᠮᠥᠰᠥ ᠴᠠᠰᠤᠨ᠎ᠤ ᠠᠵᠢᠯᠯᠠᠭ᠎ᠠ ᠵᠢ ᠥᠷᠨᠢᠭᠦᠯᠦᠨ᠎ᠡ᠃ ᠣᠯᠠᠨ ᠨᠡᠢ᠌ᠳᠡ ᠵᠢᠨ ᠮᠥᠰᠥ ᠴᠠᠰᠤᠨ᠎ᠤ ᠤᠯᠠᠷᠢᠯ᠎ᠤᠨ ᠬᠤᠭᠤᠴᠠᠭ᠋ᠠᠨ᠎ᠳᠤ᠂ ᠡᠯ᠎ᠡ ᠠᠶ᠋ᠢᠮᠠᠭ ᠬᠤᠲᠠ ᠡᠯ᠎ᠡ ᠲᠥᠷᠥᠯ᠎ᠤᠨ ᠣᠯᠠᠨ ᠨᠡᠢ᠌ᠳᠡ ᠵᠢᠨ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠎ᠠ ᠵᠢ 357 ᠵᠦᠢ᠍ᠯ ᠡᠷᠭᠢᠯᠡᠵᠦ᠂ ᠵᠢᠱ᠌ᠢᠯᠲᠡ᠎ᠪᠠᠷ 800 ᠲᠦᠮᠡ ᠭᠠᠷᠤᠶ ᠬᠥᠮᠦᠨ ᠤᠳᠠᠭ᠎ᠠ ᠵᠢᠨ ᠨᠥᠯᠥᠭᠡᠯᠡᠨ ᠳᠠᠶ᠋ᠢᠴᠢᠯᠠᠵᠤ ᠣᠷᠣᠯᠴᠠᠭᠤᠯᠤᠨ᠎ᠠ᠃
ᠰᠦᠨ ᠸᠧᠶ ᠬᠡᠯᠡᠬᠦ᠎ᠳᠤ᠎ᠪᠠᠨ᠂ ᠣᠳᠣᠬᠠᠨ᠎ᠳᠤ᠂ ᠡᠬᠢᠯᠡᠯᠲᠡ ᠵᠢᠨ ᠶᠣᠰᠣᠯᠠᠯ᠎ᠤᠨ ᠲᠤᠬᠠᠶ ᠵᠢᠨ ᠲᠠᠯᠠᠪᠤᠷ᠎ᠤᠨ ᠲᠣᠬᠢᠷᠠᠭᠤᠯᠤᠯᠲᠠ᠂ ᠬᠡᠭᠡᠷᠡᠯᠡᠨ ᠭᠤᠯᠭᠤᠬᠤ ᠤᠷᠤᠯᠳᠤᠭ᠋ᠠᠨ᠎ᠤ ᠵᠠᠮ᠎ᠤᠨ ᠪᠥᠲᠥᠭᠡᠨ ᠪᠠᠶ᠋ᠢᠭᠤᠯᠤᠯᠲᠠ ᠵᠡᠷᠭᠡ ᠠᠵᠢᠯ᠎ᠢ ᠨᠢᠭᠡᠨᠲᠡ ᠳᠠᠭᠤᠰᠬᠠᠵᠤ᠂ ᠰᠣᠷᠢᠯᠲᠠ᠂ ᠠᠮᠤᠷ ᠲᠦᠪᠰᠢᠨ᠎ᠤ ᠬᠠᠮᠠᠭ᠋ᠠᠯᠠᠯᠲᠠ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠰᠠᠶ᠋ᠢᠨ ᠳᠤᠷ᠎ᠠ ᠵᠢᠨ ᠦᠢ᠍ᠯᠡᠴᠢᠯᠡᠭᠡ᠂ ᠶᠡᠷᠦᠩᠬᠡᠶ᠋ᠢᠯᠡᠭᠰᠡᠨ ᠪᠠᠲᠤᠯᠠᠭ᠎ᠠ᠂ ᠵᠠᠬ᠎ᠠ ᠳᠡᠯᠭᠡᠭᠦᠷ᠎ᠤᠨ ᠨᠡᠭᠡᠭᠡᠨ ᠬᠥᠭᠵᠢᠭᠦᠯᠦᠯᠲᠡ ᠵᠡᠷᠭᠡ ᠡᠯ᠎ᠡ ᠵᠦᠢ᠍ᠯ᠎ᠤᠨ ᠠᠵᠢᠯ᠎ᠢ ᠶᠠᠭ ᠯᠠᠪᠳᠠᠭᠤᠨ ᠵᠶ᠋ᠠᠷ ᠠᠬᠢᠭᠤᠯᠵᠤ ᠪᠠᠶ᠋ᠢᠨ᠎ᠠ᠃ ᠡᠬᠢᠯᠡᠯᠲᠡ ᠵᠢᠨ ᠶᠣᠰᠣᠯᠠᠯ᠎ᠤᠨ ᠬᠤᠭᠤᠴᠠᠭ᠋ᠠᠨ᠎ᠳᠤ᠂ ᠬᠥᠯᠥᠨ ᠪᠤᠶ᠋ᠢᠷ 26 ᠵᠦᠢ᠍ᠯ᠎ᠤᠨ ᠣᠯᠠᠨ ᠨᠡᠢ᠌ᠳᠡ ᠵᠢᠨ ᠤᠷᠤᠯᠳᠤᠭ᠋ᠠᠨ᠎ᠤ ᠠᠵᠢᠯᠯᠠᠭ᠎ᠠ ᠵᠢ ᠵᠡᠷᠭᠡ᠎ᠪᠠᠷ ᠦᠷᠨᠢᠭᠦᠯᠬᠦ ᠪᠤᠯᠤᠨ᠎ᠡ᠃
ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠴᠢᠨᠠᠷ ᠰᠠᠶ᠋ᠢᠲᠠᠶ ᠬᠥᠭᠵᠢᠯᠲᠡ᠎ᠪᠠᠷ ᠮᠥᠰᠥ ᠴᠠᠰᠤᠨ᠎ᠤ ᠠᠵᠤ ᠠᠬᠤᠶ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠬᠠᠶ ᠰᠠᠨᠠᠯ᠎ᠤᠳ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ 《ᠰᠡᠭᠦᠯᠴᠢ ᠵᠢᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠴᠠᠭ ᠬᠤᠭᠤᠴᠠᠭ᠎ᠠ》 ᠳᠤ ᠳᠤᠮᠳᠠᠳᠤ ᠤᠯᠤᠰ᠎ᠤᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢ ᠤᠯᠠᠮ ᠨᠢᠭᠡ ᠠᠯᠬᠤᠮ ᠲᠥᠯᠥᠪᠯᠡᠨ ᠪᠠᠶ᠋ᠢᠷᠢᠯᠠᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠣᠯᠠᠨ ᠨᠡᠢ᠌ᠳᠡ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠦᠢ᠍ᠯᠡᠳᠬᠦᠨ ᠪᠠ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠦᠷᠭᠦᠯᠵᠢᠯᠡᠨ ᠨᠡᠮᠡᠭᠳᠡᠭᠦᠯᠵᠦ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠪᠥᠬᠦ ᠤᠯᠤᠰ᠎ᠲᠤ ᠲᠦᠭᠡᠮᠡᠯᠵᠢᠭᠦᠯᠦᠨ ᠬᠥᠭᠵᠢᠭᠦᠯᠬᠦ ᠵᠢ ᠳᠥᠯᠭᠢᠨ ᠠᠬᠢᠭᠤᠯᠵᠦ ᠪᠤᠢ᠃ 《ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠋ᠠᠬᠢ ᠠᠩᠬᠠᠳᠠᠭᠴᠢ ᠪᠥᠬᠦ ᠤᠯᠤᠰ᠎ᠤᠨ ᠣᠯᠠᠨ ᠨᠡᠢ᠌ᠳᠡ ᠵᠢᠨ ᠮᠥᠰᠥ ᠴᠠᠰᠤᠨ᠎ᠤ ᠤᠯᠠᠷᠢᠯ᠎ᠳᠤ᠂ ᠠᠷᠠᠳ ᠣᠯᠠᠨ᠎ᠤ ᠣᠯᠠᠨ ᠶᠠᠩᠵᠤ ᠵᠢᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠩ ᠣᠯᠠᠨ ᠣᠯᠠᠨ ᠨᠡᠢ᠌ᠳᠡᠴᠢ ᠴᠢᠨᠠᠷᠲᠠᠶ ᠮᠥᠰᠥ ᠴᠠᠰᠤᠨ᠎ᠤ ᠤᠷᠤᠯᠳᠤᠭ᠋ᠠᠨ᠎ᠤ ᠠᠵᠢᠯᠯᠠᠭ᠎ᠠ ᠵᠢ ᠥᠷᠨᠢᠭᠦᠯᠵᠦ᠂ ᠨᠠᠩ ᠳᠥᠭᠦᠮ ᠳᠥᠲᠡ ᠮᠥᠰᠥ ᠴᠠᠰᠤᠨ᠎ᠤ ᠲᠠᠮᠢᠷ᠎ᠤᠨ ᠲᠠᠯᠠᠪᠠᠶ ᠵᠢᠨ ᠲᠥᠬᠦᠭᠡᠷᠦᠮᠵᠢ ᠵᠢ ᠪᠠᠶ᠋ᠢᠭᠤᠯᠵᠤ᠂ ᠣᠯᠠᠨ ᠲᠦᠮᠡᠨ᠎ᠤ ᠳᠡᠷᠭᠡᠳᠡᠬᠢ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠦᠢ᠍ᠯᠡᠴᠢᠯᠡᠭᠡᠨ᠎ᠤ ᠰᠢᠰᠲ᠋ᠧᠮ᠎ᠢ ᠬᠦᠴᠦᠯᠡᠨ ᠪᠠᠶ᠋ᠢᠭᠤᠯᠵᠤ᠂ ᠨᠠᠩ ᠣᠯᠠᠨ ᠣᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭ᠋ᠠᠴᠤᠳ᠎ᠢ ᠳᠠᠶ᠋ᠢᠴᠢᠯᠠᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠤᠯᠵᠤ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠴᠠᠭ ᠦᠶ᠎ᠡ ᠵᠢᠨ ᠳᠤᠮᠳᠠᠳᠤ ᠤᠯᠤᠰ᠎ᠤᠨ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠰᠢᠨ᠎ᠡ ᠳᠦᠷᠰᠦ ᠪᠠᠶ᠋ᠢᠳᠠᠯ᠎ᠢ ᠪᠥᠬᠦ ᠲᠠᠯ᠎ᠠ᠎ᠪᠠᠷ ᠢᠯᠡᠷᠡᠭᠦᠯᠬᠦ ᠪᠣᠯᠤᠨ᠎ᠠ᠃