4 ᠰᠠᠷ᠎ᠠ ᠵᠢᠨ 15᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠶᠢᠰᠦᠳᠦᠭᠡᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠬᠤᠷᠠᠯᠳᠤᠵᠦ᠂ ᠲᠥᠪ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠂ 《ᠪᠦᠬᠦ ᠨᠠᠮ᠎ᠤᠨ ᠲᠤᠳᠤᠭ᠋ᠠᠳᠦ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠮᠡᠳᠡᠭᠳᠡᠯ》᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠯᠠᠮᠵᠢᠯᠠᠵᠤ᠂ ᠲᠣᠪᠴᠢᠶ᠎ᠠ ᠵᠢᠨ ᠰᠢᠰᠲᠸᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠡᠷᠡᠭᠵᠢᠭᠦᠯᠬᠦ ᠲᠥᠰᠥᠯ᠎ᠢ ᠬᠢᠨᠠᠨ ᠵᠥᠪᠯᠡᠵᠦ᠂ ᠲᠣᠪᠴᠢᠶ᠎ᠠ ᠵᠢᠨ ᠰᠢᠰᠲᠸᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠠᠮᠢᠶ᠎ᠠ ᠪᠦᠬᠦᠢ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠸᠠᠩ ᠵᠧᠩ ᠢᠦᠢ ᠬᠤᠷᠠᠯ᠎ᠢ ᠡᠷᠬᠢᠯᠡᠪᠡ᠃
ᠬᠤᠷᠠᠯ᠎ᠠᠴᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠣᠨ᠎ᠠ᠂ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠬᠥᠭᠵᠢᠭᠦᠯᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠣᠪᠴᠢᠶᠠᠨ᠎ᠤ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠪᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠋ᠠᠨ᠎ᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠨᠠᠮ᠎ᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠠᠵᠢᠯ᠎ᠢ ᠳᠠᠷᠤᠢ ᠲᠦᠷᠭᠡᠨ ᠪᠥᠬᠥ ᠰᠢᠰᠲ᠋ᠧᠮ᠎ᠳᠤ ᠥᠷᠨᠢᠭᠦᠯᠵᠦ᠂ ᠬᠡᠷᠡᠭᠵᠢᠭᠦᠯᠬᠦ ᠲᠥᠰᠥᠯ᠎ᠢ ᠰᠠᠢ᠌ᠲᠤᠷ ᠬᠢᠵᠦ᠂ ᠠᠵᠢᠯ᠎ᠤᠨ ᠲᠣᠬᠢᠷᠠᠭᠤᠯᠤᠯᠲᠠ ᠵᠢ ᠲᠣᠳᠣᠷᠬᠠᠢ᠌ᠯᠠᠨ᠂ ᠨᠠᠷᠢᠨ ᠨᠢᠮᠪᠠᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠱᠠᠭ᠋ᠠᠷᠳᠠᠭᠰᠠᠨ᠎ᠨᠢ᠂ ᠨᠢᠭᠡ᠎ᠳᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠬᠡᠷᠡᠭᠲᠡᠢ᠃ ᠲᠣᠪᠴᠢᠶ᠎ᠠ ᠵᠢᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠨᠤᠭᠤᠳ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠶᠠᠪᠤᠳᠠᠯ᠎ᠢ ᠨᠢᠭᠡᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠬᠤ ᠬᠡᠷᠡᠭᠲᠡᠢ᠃ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠭᠣᠣᠯ ᠬᠠᠷᠢᠭᠤᠴᠠᠯᠭ᠋ᠠᠲᠠᠨ ᠨᠥᠬᠥᠳ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ᠎ᠪᠠᠨ ᠦᠨᠡᠨᠬᠦ ᠡᠭᠦᠷᠭᠡᠯᠡᠵᠦ᠂ ᠪᠠᠭ᠎ᠤᠨ ᠪᠦᠷᠢᠯᠳᠦᠭᠦᠨ 《ᠨᠢᠭᠡ ᠠᠵᠢᠯ᠎ᠤᠨ ᠪᠠᠢ᠌ᠷᠢ ᠬᠣᠶᠠᠷ ᠬᠠᠷᠢᠭᠤᠴᠠᠯᠭ᠎ᠠ》 ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠲᠦᠷᠦᠭᠦᠯᠡᠨ ᠰᠤᠷᠤᠯᠴᠠᠵᠤ᠂ ᠦᠯᠢᠭᠡᠷ ᠳᠠᠭᠤᠷᠢᠶᠠᠯ ᠪᠣᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠶᠠᠪᠤᠴᠠ ᠵᠢ ᠰᠠᠬᠢᠯᠭ᠎ᠠ ᠪᠠᠲᠤ ᠵᠢ ᠮᠡᠳᠡᠵᠦ ᠰᠠᠬᠢᠯᠭ᠎ᠠ ᠪᠠᠲᠤ ᠵᠢ ᠰᠠᠬᠢᠬᠤ ᠵᠢ ᠴᠢᠩᠭ᠋ᠠᠳᠬᠠᠬᠤ ᠶᠠᠪᠤᠴᠠ ᠪᠣᠯᠭ᠋ᠠᠬᠤ ᠬᠡᠷᠡᠭᠲᠡᠢ᠃ ᠪᠦᠬᠦ ᠨᠠᠮ᠎ᠤᠨ ᠭᠡᠰᠢᠭᠦᠨ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠵᠤ᠂ ᠨᠠᠮ᠎ᠤᠨ ᠰᠠᠬᠢᠯᠭ᠎ᠠ ᠪᠠᠲᠤ ᠶᠣᠰᠣ ᠳᠦᠷᠢᠮ᠎ᠨᠢ ᠶᠠᠭᠤ ᠪᠣᠯᠬᠤ ᠵᠢ ᠲᠣᠳᠣᠷᠬᠠᠢ ᠣᠢ᠌ᠯᠠᠭ᠋ᠠᠵᠤ᠂ ᠶᠠᠭᠤ ᠬᠢᠵᠦ ᠪᠣᠯᠬᠤ᠂ ᠶᠠᠭᠤ ᠬᠢᠵᠦ ᠦᠯᠦ ᠪᠣᠯᠬᠤ ᠵᠢ ᠣᠢ᠌ᠯᠠᠭ᠋ᠠᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠪᠠᠷᠢᠮᠵᠢᠶ᠎ᠠ ᠪᠣᠯᠭ᠋ᠠᠬᠤ ᠵᠢᠨ ᠬᠠᠮᠲᠤ ᠨᠠᠮ᠎ᠤᠨ ᠳᠣᠲᠣᠭ᠋ᠠᠳᠤ ᠵᠢᠨ ᠰᠠᠬᠢᠯᠭ᠎ᠠ ᠪᠠᠲᠤ ᠵᠢᠨ ᠬᠥᠮᠦᠵᠢᠯ ᠵᠶ᠋ᠡᠷ ᠤᠯᠠᠨ ᠲᠦᠮᠡᠨ᠎ᠤ ᠰᠠᠬᠢᠯᠭ᠎ᠠ ᠪᠠᠲᠤ ᠵᠢᠨ ᠬᠥᠮᠦᠵᠢᠯ᠎ᠢ ᠲᠠᠢ᠍ᠢ᠍ᠴᠢᠯᠠᠵᠤ᠂ ᠬᠥᠮᠥᠵᠢᠭᠳᠡᠬᠦ ᠡᠲᠡᠭᠡᠳ᠎ᠢ ᠪᠦᠬᠦᠨ᠎ᠢ ᠬᠠᠮᠤᠷᠬᠤ ᠵᠢ ᠪᠡᠶᠡᠯᠡᠭᠦᠯᠬᠦ ᠬᠡᠷᠡᠭᠲᠡᠢ᠃ ᠬᠣᠶᠠᠷ᠎ᠲᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠲᠠᠯᠪᠢᠬᠤ ᠬᠡᠷᠡᠭᠲᠡᠢ᠃ ᠪᠦᠬᠦ ᠰᠢᠰᠲ᠋ᠧᠮ ᠵᠶ᠋ᠡᠷ ᠵᠶ᠋ᠡᠨ ᠣᠳᠣᠬᠠᠨ᠎ᠤ ᠠᠳᠠᠯᠢ ᠪᠤᠰᠤ ᠬᠡᠮᠵᠢᠶ᠎ᠡ᠎ᠪᠠᠷ ᠣᠷᠣᠰᠢᠵᠤ ᠪᠠᠢ᠌ᠭ᠎ᠠ ᠬᠡᠳᠦᠨ ᠵᠦᠢ᠍ᠯ᠎ᠤᠨ ᠠᠰᠠᠭᠤᠳᠠᠯ᠎ᠳᠤ ᠴᠢᠭᠯᠡᠭᠦᠯᠦᠨ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠪᠠᠷ ᠠᠵᠠ ᠲᠣᠬᠢᠶᠠᠯ ᠪᠣᠯᠭ᠋ᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠳᠬᠡᠯ ᠥᠭᠬᠦ ᠳᠦᠷᠢᠮ》᠎ᠢ ᠨᠠᠷᠢᠨ ᠬᠢᠨᠠᠮᠠᠭ᠋ᠠᠢ ᠰᠤᠷᠤᠯᠴᠠᠭᠤᠯᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠵᠢ ᠰᠠᠬᠢᠬᠤ ᠵᠢ ᠪᠡᠶᠡᠯᠡᠭᠦᠯᠵᠦ᠂ ᠲᠣᠭᠣᠷᠢᠨ ᠪᠠᠢ᠌ᠴᠠᠭ᠋ᠠᠬᠤ᠂ ᠬᠢᠨᠠᠨ ᠪᠤᠳᠤᠬᠤ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠨᠠᠷᠢᠨ ᠬᠢᠨᠠᠮᠠᠭ᠋ᠠᠢ ᠰᠠᠢ᠌ᠲᠤᠷ ᠪᠡᠶᠡᠯᠡᠭᠦᠯᠵᠦ᠂ ᠲᠣᠪᠴᠢᠶ᠎ᠠ ᠵᠢᠨ ᠰᠢᠰᠲᠸᠮ ᠤᠨ 《ᠰᠢᠨ᠎ᠡ ᠵᠠᠮ᠎ᠢ ᠨᠡᠭᠡᠭᠡᠵᠦ᠂ ᠳᠤᠮᠳᠠ ᠤᠷᠤᠰᠬᠠᠯ᠎ᠳᠤ ᠣᠷᠣᠬᠤ》 ᠰᠤᠷᠲᠠᠯ᠎ᠤᠨ ᠪᠠᠢ᠌ᠭᠤᠯᠤᠯᠲᠠ ᠵᠢᠨ ᠣᠨ᠎ᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠦᠨᠡᠨᠬᠦ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠦᠷ᠎ᠡ ᠪᠦᠲᠦᠭᠡᠯ ᠪᠣᠯᠭ᠋ᠠᠨ ᠬᠤᠪᠢᠷᠠᠭᠤᠯᠬᠤ ᠬᠡᠷᠡᠭᠲᠡᠢ᠃ ᠭᠤᠷᠪᠠ᠎ᠳᠤ᠂ ᠨᠢᠭᠡᠳᠦᠯᠲᠡᠢ ᠲᠥᠯᠥᠪᠵᠢᠭᠦᠯᠦᠨ ᠨᠡᠢ᠍ᠢ᠍ᠳᠡ᠎ᠳᠤᠨᠢ ᠬᠠᠷᠠᠭ᠋ᠠᠯᠵᠠᠬᠤ ᠵᠢ ᠴᠢᠬᠤᠯᠠᠴᠢᠯᠠᠵᠤ᠂ ᠪᠠᠢ᠌ᠩᠭᠤ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠪᠠᠢ᠌ᠬᠤ ᠵᠢ ᠪᠡᠶᠡᠯᠡᠭᠦᠯᠬᠦ ᠬᠡᠷᠡᠭᠲᠡᠢ᠃ ᠶᠣᠰᠣ᠎ᠪᠠᠷ ᠬᠥᠮᠥᠨ᠎ᠢ ᠪᠢᠰᠢᠷᠡᠭᠦᠯᠬᠦ ᠵᠢ ᠪᠠᠷᠢᠮᠲᠠᠯᠠᠵᠤ᠂ ᠰᠠᠬᠢᠯᠭ᠎ᠠ ᠪᠠᠲᠤ ᠨᠠᠮ᠎ᠤᠨ ᠬᠢᠴᠢᠶᠡᠯ᠎ᠢ ᠲᠡᠷᠡ ᠬᠡᠪ ᠵᠶ᠋ᠡᠷ᠎ᠨᠢ ᠰᠤᠷᠤᠯᠴᠠᠬᠤ᠂ ᠰᠠᠢ᠌ᠲᠤᠷ ᠶᠠᠷᠢᠬᠤ᠂ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠬᠤ᠂ ᠤᠬᠠᠭᠤᠯᠤᠨ ᠲᠠᠢ᠌ᠯᠪᠤᠷᠢᠯᠠᠬᠤ ᠵᠢ ᠭᠦᠨᠵᠡᠭᠡᠢ᠌ᠷᠡᠭᠦᠯᠬᠦ᠂ ᠬᠥᠮᠥᠵᠢᠭᠦᠯᠦᠨ ᠪᠣᠯᠪᠠᠰᠤᠷᠠᠭᠤᠯᠬᠤ ᠪᠠ ᠯᠠᠪᠳᠠᠭᠤᠨ ᠪᠠᠲᠤᠲᠠᠢ ᠪᠠᠢ᠌ᠴᠠᠭ᠋ᠠᠨ ᠦᠵᠡᠵᠦ ᠴᠡᠭᠴᠡᠯᠡᠨ ᠰᠠᠢ᠌ᠵᠢᠷᠠᠭᠤᠯᠬᠤ ᠵᠡᠷᠭᠡ ᠵᠢ ᠪᠣᠳᠠᠲᠠᠢ ᠬᠢᠬᠦ᠎ᠪᠠᠷ ᠳᠠᠮᠵᠢᠭᠤᠯᠤᠨ᠂ ᠪᠠᠢ᠌ᠩᠭᠤ ᠵᠢᠨ ᠴᠢᠨᠠᠷᠲᠠᠢ ᠪᠠ ᠲᠥᠪᠯᠡᠷᠡᠩᠭᠦᠢ ᠴᠢᠨᠠᠷᠲᠠᠢ ᠬᠥᠮᠦᠵᠢᠯ᠎ᠢ ᠤᠶᠠᠯᠳᠤᠭᠤᠯᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ᠎ᠢ ᠴᠢᠩᠭ᠋ᠠᠳᠬᠠᠬᠤ ᠬᠡᠷᠡᠭᠲᠡᠢ᠃ ᠳᠦᠷᠢᠮ ᠲᠣᠭᠲᠠᠭ᠋ᠠᠯ ᠵᠶ᠋ᠠᠷ ᠬᠥᠮᠥᠨ᠎ᠢ ᠬᠢᠵᠠᠭ᠋ᠠᠷᠯᠠᠬᠤ ᠵᠢ ᠪᠠᠷᠢᠮᠲᠠᠯᠠᠵᠤ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠳᠦᠷᠢᠮ᠎ᠢ ᠵᠥᠷᠢᠴᠡᠭᠰᠡᠨ ᠪᠠ ᠡᠪᠳᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠬᠤ᠂ ᠬᠡᠷᠡᠭ ᠵᠶ᠋ᠡᠷ ᠵᠠᠰᠠᠬᠤ ᠵᠢ ᠠᠬᠢᠭᠤᠯᠬᠤ ᠵᠢ ᠭᠦᠨᠵᠡᠭᠡᠢ᠌ᠷᠡᠭᠦᠯᠵᠦ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠱᠠᠭ᠋ᠠᠷᠳᠠᠯᠭ᠎ᠠ ᠵᠢ ᠴᠢᠩᠳᠠᠯᠠᠨ᠎ᠠ᠃ ᠬᠥᠮᠥᠨ᠎ᠢ ᠰᠣᠶᠣᠯᠵᠢᠭᠤᠯᠬᠤ ᠵᠢ ᠪᠠᠷᠢᠮᠲᠠᠯᠠᠵᠤ᠂ ᠰᠠᠬᠢᠯᠭ᠎ᠠ ᠪᠠᠲᠤ ᠵᠢᠨ ᠬᠥᠮᠦᠵᠢᠯ᠎ᠢ ᠨᠠᠮ᠎ᠤᠨ ᠳᠣᠲᠣᠭ᠋ᠠᠳᠤ ᠵᠢᠨ ᠤᠯᠤᠰ ᠲᠦᠷᠦ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠎ᠲᠠᠢ ᠨᠡᠪᠲᠡᠷᠡᠯᠴᠡᠭᠦᠯᠵᠦ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠶᠠᠪᠤᠳᠠᠯ᠎ᠢ ᠨᠠᠮ᠎ᠤᠨ ᠭᠡᠰᠢᠭᠦᠨ ᠺᠠᠳ᠋ᠷᠴᠤᠳ᠎ᠤᠨ ᠡᠳᠦᠷ ᠲᠤᠳᠤᠮ᠎ᠤᠨ ᠬᠡᠷᠡᠭᠯᠡᠵᠦ ᠪᠠᠢ᠌ᠲᠠᠯ᠎ᠠ ᠦᠯᠦ ᠮᠡᠳᠡᠭᠳᠡᠬᠦ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠪᠠᠷᠢᠮᠵᠢᠶ᠎ᠠ ᠪᠣᠯᠭ᠋ᠠᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠬᠡᠪ ᠰᠤᠷᠲᠠᠯ᠎ᠢ ᠪᠤᠢ ᠪᠣᠯᠭ᠋ᠠᠬᠤ ᠬᠡᠷᠡᠭᠲᠡᠢ᠃ ᠰᠡᠳᠬᠢᠯᠭᠡ᠎ᠪᠠᠷ ᠵᠶ᠋ᠡᠨ ᠬᠥᠮᠥᠨ᠎ᠤ ᠰᠡᠳᠬᠢᠯ᠎ᠢ ᠬᠥᠳᠡᠯᠭᠡᠬᠦ ᠵᠢ ᠪᠠᠷᠢᠮᠲᠠᠯᠠᠵᠤ᠂ 《ᠭᠤᠷᠪᠠ ᠵᠢ ᠢᠯᠭ᠋ᠠᠬᠤ》 ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠳᠦᠷᠪᠡᠨ ᠵᠦᠢ᠍ᠯ᠎ᠤᠨ ᠬᠡᠯᠪᠡᠷᠢ ᠪᠠᠢ᠌ᠳᠠᠯ》᠎ᠢ ᠣᠨᠣᠪᠴᠢᠲᠠᠢ ᠵᠢᠷᠤᠮᠵᠢᠭᠤᠯᠤᠨ ᠬᠡᠷᠡᠭᠯᠡᠵᠦ᠂ ᠴᠢᠩᠭ᠎ᠠ ᠬᠠᠮᠢᠶᠠᠷᠬᠤ ᠪᠠ ᠭᠦᠨ ᠬᠠᠢ᠌ᠷᠠᠯᠠᠬᠤ ᠵᠢ ᠤᠶᠠᠯᠳᠤᠭᠤᠯᠬᠤ᠂ ᠵᠣᠷᠢᠭᠵᠢᠭᠤᠯᠬᠤ ᠪᠠ ᠬᠢᠵᠠᠭ᠋ᠠᠷᠯᠠᠬᠤ ᠵᠢ ᠵᠡᠷᠭᠡ᠎ᠪᠡᠷ ᠴᠢᠬᠤᠯᠠᠴᠢᠯᠠᠬᠤ ᠵᠢ ᠪᠠᠷᠢᠮᠲᠠᠯᠠᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠦᠷ᠎ᠡ ᠪᠦᠲᠦᠮᠵᠢ ᠵᠢ ᠪᠣᠳᠠᠲᠠᠢ᠌ᠵᠢᠭᠤᠯᠬᠤ ᠬᠡᠷᠡᠭᠲᠡᠢ᠃
ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠪᠠᠢ᠌ᠭᠤᠯᠭ᠎ᠠ ᠵᠢᠨ ᠡᠯ᠎ᠡ ᠭᠠᠵᠠᠷ ᠭᠡᠷ᠂ ᠡᠯ᠎ᠡ ᠰᠢᠭᠤᠳ ᠬᠠᠷᠢᠶ᠎ᠠ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃