ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠲᠤᠰᠬᠠᠢ ᠰᠡᠳᠦᠪᠲᠦ ᠲᠡᠢ᠌ᠯᠤᠮᠵᠢ ᠡᠷᠬᠢᠯᠡᠪᠡ
ᠨᠡᠶ᠋ᠢᠲᠡᠯᠡᠭᠰᠡᠨ ᠴᠠᠭ᠄ 2024-04-19

     4 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠲᠤᠰᠬᠠᠢ ᠰᠡᠳᠦᠪᠲᠦ ᠲᠠᠢ᠌ᠯᠤᠮᠵᠢ ᠡᠷᠬᠢᠯᠡᠪᠡ᠃
    ᠲᠠᠢ᠌ᠯᠤᠮᠵᠢ᠎ᠳᠤ᠂ ᠲᠤᠰᠬᠠᠢ ᠮᠡᠷᠭᠡᠵᠢᠯᠲᠡᠨ᠎ᠠᠴᠠ ᠤᠯᠤᠰ᠎ᠤᠨ ᠶᠡᠷᠦᠩᠬᠡᠢ ᠴᠣᠭᠴᠠ ᠵᠢᠨ ᠠᠮᠤᠷ ᠲᠦᠪᠰᠢᠨ᠎ᠤ ᠦᠵᠡᠯᠲᠡ ᠵᠢᠨ ᠭᠣᠣᠯ ᠠᠭᠤᠯᠭ᠎ᠠ ᠵᠢᠴᠢ ᠣᠨᠴᠠᠯᠢᠭ᠎ᠤᠨ ᠲᠣᠭᠣᠷᠢᠨ᠎ᠳᠤ᠂ ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠦᠵᠡᠯᠲᠡ ᠵᠢᠨ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠵᠠᠳᠠᠯᠤᠭᠰᠠᠨ᠎ᠤ ᠬᠠᠮᠲᠤ ᠰᠤᠷᠭ᠋ᠠᠭᠴᠢ᠂ ᠲᠠᠮᠢᠷᠴᠢᠳ ᠵᠡᠷᠭᠡ ᠤᠯᠤᠰ᠎ᠤᠨ ᠭᠠᠳᠠᠭ᠋ᠠᠳᠤ  (ᠬᠢᠯᠢ)᠎ᠳᠤ ᠭᠠᠷᠬᠤ᠎ᠠᠴᠠ ᠡᠮᠦᠨᠡᠬᠢ ᠪᠡᠯᠡᠳᠬᠡᠯ᠂ ᠣᠳᠣᠬᠠᠨ᠎ᠤ ᠭᠠᠳᠠᠭ᠋ᠠᠳᠤ᠎ᠳᠤ ᠪᠠᠢ᠌ᠭ᠎ᠠ ᠠᠬ᠎ᠠ ᠳᠡᠭᠦᠦ ᠨᠠᠷ᠎ᠲᠤ ᠲᠤᠯᠭ᠋ᠠᠷᠠᠵᠤ ᠪᠠᠢ᠌ᠭ᠎ᠠ ᠠᠶᠤᠯ ᠲᠦᠭᠰᠢᠭᠦᠷᠢ ᠵᠢᠨ ᠪᠠᠢ᠌ᠳᠠᠯ᠂ ᠭᠠᠳᠠᠭ᠋ᠠᠳᠤ᠎ᠳᠤ ᠭᠠᠷᠬᠤ᠎ᠳᠤ ᠠᠩᠬᠠᠷᠬᠤ ᠵᠦᠢ᠍ᠯᠡᠰ᠂ ᠭᠠᠳᠠᠭ᠋ᠠᠳᠤ ᠬᠠᠷᠢᠯᠴᠠᠭ᠋ᠠᠨ᠎ᠤ ᠶᠣᠰᠣ ᠵᠢᠷᠤᠮ᠂ ᠬᠥᠮᠥᠨ ᠨᠡᠢ᠌ᠭᠡᠮ᠎ᠤᠨ ᠵᠠᠩ ᠳᠠᠳᠬᠠᠯ ᠵᠡᠷᠭᠡ ᠲᠠᠯ᠎ᠠ᠎ᠪᠠᠷ ᠪᠦᠬᠦ ᠲᠠᠯ᠎ᠠ᠎ᠪᠠᠷ ᠰᠢᠰᠲ᠋ᠧᠮ᠎ᠲᠠᠢ ᠲᠠᠢ᠌ᠯᠪᠤᠷᠢᠯᠠᠯᠲᠠ ᠬᠢᠪᠡ᠃ ᠡᠭᠦᠨ᠎ᠤ ᠵᠡᠷᠭᠡ᠎ᠳᠤ᠂ ᠲᠤᠰᠬᠠᠢ ᠮᠡᠷᠭᠡᠵᠢᠯᠲᠡᠨ᠎ᠠᠴᠠ ᠭᠠᠳᠠᠭ᠋ᠠᠳᠤ᠎ᠳᠤ   (ᠬᠢᠯᠢ) ᠭᠠᠷᠬᠤ᠎ᠠᠴᠠ ᠡᠮᠦᠨ᠎ᠡ ᠶᠠᠪᠤᠬᠤ᠎ᠠᠴᠠ ᠡᠮᠦᠨᠡᠬᠢ ᠪᠡᠯᠡᠳᠬᠡᠯ᠎ᠢ ᠭᠦᠢ᠍ᠴᠡᠳ ᠰᠠᠢ᠌ᠲᠤᠷ ᠬᠢᠵᠦ᠂ ᠭᠠᠳᠠᠭ᠋ᠠᠳᠤ᠎ᠳᠤ ᠭᠠᠷᠬᠤ᠎ᠠᠴᠠ ᠡᠮᠦᠨᠡᠬᠢ ᠡᠯ᠎ᠡ ᠵᠦᠢ᠍ᠯ᠎ᠤᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ᠂ ᠮᠡᠳᠡᠭᠦᠯᠦᠨ ᠳᠠᠩᠰᠠᠯᠠᠭᠤᠯᠬᠤ ᠠᠵᠢᠯ᠎ᠤᠨ ᠶᠠᠪᠤᠴᠠ ᠵᠢ ᠢᠳᠡᠪᠬᠢᠲᠡᠢ ᠭᠦᠢ᠍ᠴᠡᠳᠬᠡᠵᠦ᠂ ᠠᠮᠤᠷ ᠲᠦᠪᠰᠢᠨ᠎ᠤ ᠤᠬᠠᠮᠰᠠᠷ᠎ᠢ ᠪᠠᠲᠤ ᠪᠡᠬᠢ ᠪᠣᠶ ᠪᠣᠯᠭ᠋ᠠᠵᠤ᠂ ᠪᠠᠴᠢᠮ ᠪᠠᠢ᠌ᠳᠠᠯ᠎ᠢ ᠠᠷᠭ᠋ᠠᠴᠠᠬᠤ ᠶᠡᠷᠦ ᠵᠢᠨ ᠮᠡᠳᠡᠯᠭᠡ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠡᠵᠡᠮᠰᠢᠬᠦ ᠬᠡᠷᠡᠭᠲᠡᠢ; ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠠᠶᠠᠨ ᠵᠠᠮ᠎ᠤᠨ ᠲᠣᠬᠢᠷᠠᠭᠤᠯᠤᠯᠲᠠ ᠵᠢ ᠴᠢᠩᠭ᠎ᠠ ᠵᠢᠷᠤᠮᠯᠠᠨ᠂ ᠵᠢᠭ᠋ᠠᠪᠤᠷᠢ ᠠᠪᠬᠤ ᠪᠠ ᠮᠡᠳᠡᠭᠦᠯᠦᠯᠲᠡ ᠬᠢᠬᠦ ᠳᠦᠷᠢᠮ᠎ᠢ ᠨᠠᠷᠢᠨ ᠬᠢᠨᠠᠮᠠᠭ᠋ᠠᠢ ᠬᠡᠷᠡᠭᠵᠢᠭᠦᠯᠬᠦ ᠬᠡᠷᠡᠭᠲᠡᠢ ᠭᠡᠵᠦ ᠰᠠᠨᠠᠭᠤᠯᠪᠠ᠃
    ᠪᠠᠢ᠌ᠭᠤᠯᠭ᠎ᠠ ᠵᠢᠨ ᠪᠥᠬᠥ ᠠᠵᠢᠯᠲᠠᠨ᠂ ᠡᠯ᠎ᠡ ᠰᠢᠭᠤᠳ ᠬᠠᠷᠢᠶ᠎ᠠ ᠨᠢᠭᠡᠴᠢ ᠵᠢᠨ ᠭᠣᠣᠯ ᠬᠠᠷᠢᠭᠤᠴᠠᠯᠭ᠋ᠠᠲᠠᠨ᠂ ᠭᠠᠳᠠᠭ᠋ᠠᠳᠤ᠎ᠳᠤ ᠭᠠᠷᠴᠤ ᠤᠷᠤᠯᠳᠤᠭ᠋ᠠᠨ᠎ᠳᠤ ᠣᠷᠣᠯᠴᠠᠬᠤ ᠡᠭᠦᠷᠭᠡ᠎ᠲᠠᠢ ᠰᠤᠷᠭ᠋ᠠᠭᠴᠢ᠂ ᠲᠠᠮᠢᠷᠴᠢᠨ ᠵᠢᠴᠢ ᠪᠤᠰᠤᠳ ᠬᠠᠮᠢᠶ᠎ᠠ ᠪᠦᠬᠦᠢ ᠬᠥᠮᠥᠰ ᠲᠤᠰᠬᠠᠢ ᠰᠡᠳᠦᠪᠲᠦ ᠲᠠᠢ᠌ᠯᠤᠮᠵᠢ᠎ᠳᠤ ᠤᠷᠤᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠤᠯᠤᠰ᠎ᠤᠨ ᠵᠢᠦᠳᠣᠣ ᠵᠢᠨ ᠵᠠᠯᠠᠭᠤᠴᠤᠳ᠎ᠤᠨ ᠠᠩᠭᠢ ᠵᠢ ᠬᠠᠮᠲᠤ᠎ᠪᠠᠷ ᠪᠠᠶ᠋ᠢᠭᠤᠯᠬᠤ ᠭᠡᠷ᠎ᠡ ᠲᠤᠭᠳᠠᠪᠠ
2024 ᠣᠨ᠎ᠤ ᠪᠥᠬᠥ ᠤᠯᠤᠰ᠎ᠤᠨ ᠣᠯᠠᠨ ᠤᠯᠤᠰ᠎ᠤᠨ ᠮᠠᠶᠢᠭ᠎ᠤᠨ ᠪᠥᠬᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠥᠪᠥᠷ ᠮᠣᠩᠭᠣᠯ᠎ᠤᠨ ᠡᠮᠡᠭᠲᠡᠢ ᠵᠢᠨ ᠴᠢᠯᠦᠭᠡᠲᠦ ᠪᠥᠬᠡ ᠵᠢᠨ ᠠᠩᠭᠢ 1 ᠠᠯᠲᠠᠨ ᠮᠧᠳᠠᠯ 1 ᠮᠥᠩᠭᠥᠨ ᠮᠧᠳᠠᠯ 1 ᠬᠦᠷᠡᠯ ᠮᠧᠳᠠᠯ ᠣᠯᠪᠠ
2024 ᠤᠨ᠎ᠳᠤ ᠺᠠᠽᠠᠭᠰᠲ᠋ᠠᠨ᠎ᠤ ᠶᠡᠷᠦᠩᠭᠡᠶ᠋ᠢᠯᠡᠭᠴᠢ ᠬᠤᠨᠳᠠᠭ᠋ᠠᠲᠤ ᠤᠯᠠᠨ ᠤᠯᠤᠰ᠎ᠤᠨ ᠨᠢᠳᠤᠷᠭ᠋ᠠᠨ ᠲᠡᠮᠡᠴᠡᠭᠡᠨ᠎ᠤ ᠤᠷᠢᠯᠭ᠎ᠠ ᠵᠢᠨ ᠤᠷᠤᠯᠳᠤᠭ᠋ᠠᠨ᠎ᠳᠤ ᠶᠠᠩ ᠯᠢᠤ ᠯᠢ ᠴᠢᠶᠠᠨ ᠮᠠᠩᠯᠠᠢ᠍ᠯᠠᠪᠠ
2024 ᠣᠨ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠡᠬᠢᠯᠡᠯᠲᠡ ᠵᠢᠨ ᠶᠣᠰᠣᠯᠠᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠷᠢᠨ ᠤᠷᠤᠯᠳᠤᠭ᠋ᠠᠨ᠎ᠤ ᠲᠠᠯᠠᠪᠠᠶ᠎ᠳᠤ ᠶᠠᠪᠤᠭᠳᠠᠪᠠ
2024 ᠣᠨ᠎ᠤ ᠪᠥᠬᠥ ᠤᠯᠤᠰ᠎ᠤᠨ ᠡᠮᠡᠭᠲᠡᠢ ᠵᠢᠨ ᠨᠢᠳᠤᠷᠭ᠋ᠠᠨ ᠲᠡᠮᠡᠴᠡᠭᠡᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠥᠪᠥᠷ ᠮᠣᠩᠭᠣᠯ 2 ᠠᠯᠲᠠᠨ ᠮᠧᠳᠠᠯ 2 ᠮᠥᠩᠭᠥᠨ ᠮᠧᠳᠠᠯ 1 ᠬᠦᠷᠡᠯ ᠮᠧᠳᠠᠯ ᠣᠯᠪᠠ
 
            