2024 ᠣᠨ᠎ᠤ ᠪᠥᠬᠥ ᠤᠯᠤᠰ᠎ᠤᠨ ᠣᠯᠠᠨ ᠤᠯᠤᠰ᠎ᠤᠨ ᠮᠠᠶᠢᠭ᠎ᠤᠨ ᠪᠥᠬᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠡᠮᠡᠭᠲᠡᠢ ᠵᠢᠨ ᠴᠢᠯᠦᠭᠡᠲᠦ ᠪᠥᠬᠡ ᠵᠢᠨ ᠤᠷᠤᠯᠳᠤᠭ᠋ᠠᠨ 5 ᠰᠠᠷ᠎ᠠ ᠵᠢᠨ 4᠎ᠤ ᠡᠳᠦᠷ᠎ᠠᠴᠠ 6᠎ᠤ ᠡᠳᠦᠷ ᠪᠣᠯᠲᠠᠯ᠎ᠠ ᠵᠧᠵᠢᠶᠠᠩ᠎ᠤᠨ ᠸᠸᠨᠵᠸᠦᠳᠤ ᠶᠠᠪᠤᠭᠳᠠᠪᠠ᠃ ᠲᠣᠰ ᠤᠳᠠᠭ᠋ᠠᠨ᠎ᠤ ᠤᠷᠤᠯᠳᠤᠭ᠋ᠠᠨ᠎ᠳᠤ ᠨᠡᠶ᠋ᠢᠲᠡ 43 ᠠᠩᠭᠢ ᠵᠢᠨ 336 ᠲᠠᠮᠢᠷᠴᠢᠨ ᠣᠷᠣᠯᠴᠠᠵᠤ᠂ ᠮᠠᠨ᠎ᠤ ᠣᠷᠣᠨ 21 ᠲᠠᠮᠢᠷᠴᠢᠨ ᠲᠣᠮᠢᠯᠠᠨ 10 ᠲᠠᠰ᠎ᠤᠨ ᠤᠷᠤᠯᠳᠤᠭ᠋ᠠᠨ᠎ᠳᠤ ᠣᠷᠣᠯᠴᠠᠭᠤᠯᠵᠠᠢ᠃

3 ᠡᠳᠦᠷ᠎ᠤᠨ ᠰᠢᠷᠦᠭᠦᠨ ᠥᠷᠢᠰᠦᠯᠳᠦᠭᠡᠨ ᠵᠶ᠋ᠡᠷ ᠳᠠᠮᠵᠢᠭ᠋ᠠᠳ᠂ ᠮᠠᠨ᠎ᠤ ᠣᠷᠣᠨ᠎ᠤ ᠡᠮᠡᠭᠲᠡᠢ ᠵᠢᠨ ᠴᠢᠯᠦᠭᠡᠲᠦ ᠪᠥᠬᠡ ᠵᠢᠨ ᠠᠩᠭᠢ 1 ᠠᠯᠲᠠᠨ ᠮᠧᠳᠠᠯ᠂ 1 ᠮᠥᠩᠭᠥᠨ ᠮᠧᠳᠠᠯ᠂ 1 ᠬᠦᠷᠡᠯ ᠮᠧᠳᠠᠯ ᠬᠦᠷᠳᠡᠵᠦ᠂ 1 ᠲᠠᠮᠢᠷᠴᠢᠨ ᠳᠣᠯᠣᠳᠤᠭ᠋ᠠᠷ᠎ᠲᠤ᠂ 1 ᠲᠠᠮᠢᠷᠴᠢᠨ ᠨᠠᠢ᠍ᠮᠠᠳᠤᠭ᠋ᠠᠷ᠎ᠲᠤ ᠲᠤᠳᠤᠷᠠᠪᠠ᠂ ᠡᠭᠦᠨ᠎ᠳᠤ ᠴᠢᠨᠳᠠᠭ᠋ᠠᠨᠴᠠᠭ᠋ᠠᠨ 76 ᠺᠢᠯᠣᠭ᠌ᠷᠠᠮ᠎ᠤᠨ ᠳᠡᠰ᠎ᠤᠨ ᠤᠷᠤᠯᠳᠤᠭ᠋ᠠᠨ᠎ᠤ ᠠᠯᠲᠠᠨ ᠮᠧᠳᠠᠯ᠂ ᠪᠦᠦ ᠯᠢᠩ ᠯᠢᠩ 65 ᠺᠢᠯᠣᠭ᠌ᠷᠠᠮ᠎ᠤᠨ ᠳᠡᠰ᠎ᠤᠨ ᠤᠷᠤᠯᠳᠤᠭ᠋ᠠᠨ᠎ᠤ ᠮᠥᠩᠭᠥᠨ ᠮᠧᠳᠠᠯ᠂ ᠤᠳᠤᠠᠭᠡᠷᠡᠯ 72 ᠺᠢᠯᠣᠭ᠌ᠷᠠᠮ᠎ᠤᠨ ᠳᠡᠰ᠎ᠤᠨ ᠤᠷᠤᠯᠳᠤᠭ᠋ᠠᠨ᠎ᠤ ᠬᠦᠷᠡᠯ ᠮᠧᠳᠠᠯ᠎ᠢ ᠬᠦᠷᠳᠡᠵᠦ᠂ ᠯᠢᠦ ᡁᠢ ᠫᠢᠩ 72 ᠺᠢᠯᠣᠭ᠌ᠷᠠᠮ᠎ᠤᠨ ᠳᠡᠰ᠎ᠤᠨ ᠤᠷᠤᠯᠳᠤᠭ᠋ᠠᠨ᠎ᠳᠤ ᠳᠣᠯᠣᠳᠤᠭ᠋ᠠᠷ᠎ᠲᠤ᠂ ᠰᠤᠷᠤᠨ᠎ᠡ 57 ᠺᠢᠯᠣᠭ᠌ᠷᠠᠮ᠎ᠤᠨ ᠳᠡᠰ᠎ᠤᠨ ᠤᠷᠤᠯᠳᠤᠭ᠋ᠠᠨ᠎ᠳᠤ ᠨᠠᠢ᠍ᠮᠠᠳᠤᠭ᠋ᠠᠷ᠎ᠲᠤ ᠣᠷᠣᠭᠰᠠᠨ ᠪᠥᠭᠡᠳ ᠪᠦᠯᠬᠦᠮ᠎ᠤᠨ ᠤᠷᠤᠯᠳᠤᠭ᠋ᠠᠨ᠎ᠤ ᠳᠣᠯᠣᠳᠤᠭ᠋ᠠᠷ᠎ᠲᠤ ᠲᠤᠳᠤᠷᠡᠪᠡ᠃
