ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2024 ᠣᠨ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠡᠬᠢᠯᠡᠯᠲᠡ ᠵᠢᠨ ᠶᠣᠰᠣᠯᠠᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠷᠢᠨ ᠤᠷᠤᠯᠳᠤᠭ᠋ᠠᠨ᠎ᠤ ᠲᠠᠯᠠᠪᠠᠶ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-05-20

    5 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ᠎ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠲᠥᠪ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠠᠴᠠ ᠲᠠᠭ᠋ᠠᠭ᠋ᠠᠴᠢᠯᠠᠨ ᠡᠷᠭᠢᠯᠡᠭᠰᠡᠨ 2024 ᠣᠨ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠡᠬᠢᠯᠡᠯᠲᠡ ᠵᠢᠨ ᠶᠣᠰᠣᠯᠠᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠷᠢᠨ ᠤᠷᠤᠯᠳᠤᠭ᠋ᠠᠨ᠎ᠤ ᠲᠠᠯᠠᠪᠠᠶ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠠᠵᠢᠯᠯᠠᠭ᠎ᠠ᠎ᠳᠤ ᠣᠷᠣᠯᠴᠠᠭᠰᠠᠨ ᠪᠥᠭᠡᠳ ᠡᠬᠢᠯᠡᠭᠰᠡᠨ᠎ᠢ ᠵᠠᠷᠯᠠᠪᠠ᠃


    ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠡᠯᠪᠡᠭ ᠪᠠᠶᠠᠯᠢᠭ ᠠᠭᠤᠯᠭ᠎ᠠ᠎ᠲᠠᠢ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠦᠷᠨᠢᠭᠦᠯᠵᠦ᠂ ᠥᠪᠥᠷ ᠮᠣᠩᠭᠤᠯ᠎ᠤᠨ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢᠨ ᠬᠥᠰᠢᠭᠡ ᠵᠢ ᠰᠡᠬᠦᠵᠦ᠂ ᠵᠠᠩ ᡁᠢ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠲᠥᠪ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠪᠦᠯᠬᠦᠮ ᠵᠢᠴᠢ ᠡᠯ᠎ᠡ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ᠎ᠳᠤ ᠲᠤᠭ ᠣᠯᠭᠤᠪᠠ; ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠤᠭᠴᠢ᠎ᠠᠴᠠ ᠥᠷᠭᠡᠨ ᠤᠯᠠᠨ ᠪᠡᠶ᠎ᠡ ᠴᠢᠭᠢᠷᠠᠭᠵᠢᠭᠤᠯᠬᠤ ᠬᠥᠮᠦᠰ᠎ᠲᠤ ᠲᠤᠬᠠᠢ ᠵᠢᠨ ᠲᠠᠯᠠᠪᠠᠢ ᠵᠢᠨ ᠵᠢᠯᠤᠭᠤᠳᠤᠯᠭ᠎ᠠ ᠬᠢᠵᠡᠢ᠃ ᠡᠭᠦᠨ᠎ᠤ ᠬᠠᠮᠲᠤ᠂ ᠬᠤᠲᠠ ᠵᠢᠨ ᠠᠷᠠᠳ ᠪᠠᠰᠠ ᠠᠵᠢᠯᠯᠠᠭ᠎ᠠ ᠵᠢᠨ ᠲᠤᠬᠠᠶ ᠵᠢᠨ ᠲᠠᠯᠠᠪᠤᠷ᠎ᠲᠤ ᠪᠡᠶ᠎ᠡ ᠴᠢᠭᠢᠷᠠᠭᠵᠢᠭᠤᠯᠬᠤ ᠪᠠᠭ᠋ᠠᠵᠢ ᠬᠡᠷᠡᠭᠰᠡᠯ᠎ᠢ ᠪᠡᠶᠡᠴᠢᠯᠡᠨ ᠣᠶ᠋ᠢᠯᠠᠭ᠋ᠠᠬᠤ᠂ ᠲᠤᠬᠠᠶ ᠵᠢᠨ ᠲᠠᠯᠠᠪᠤᠷ᠎ᠲᠤ ᠡᠷᠡᠭᠦᠯ ᠮᠡᠨᠳᠦ ᠵᠢᠨ ᠠᠯᠪᠠᠨ ᠵᠢᠷᠤᠮ᠎ᠤᠨ ᠡᠮᠴᠢᠯᠡᠭᠡ ᠬᠢᠬᠦ ᠵᠡᠷᠭᠡ ᠰᠦᠢ᠍ᠳᠬᠡᠯ ᠬᠤᠷᠢᠶᠠᠬᠤ ᠥᠬᠡᠶ ᠦᠢ᠍ᠯᠡᠴᠢᠯᠡᠭᠡ ᠵᠢ ᠭᠥᠷᠳᠡᠵᠦ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠤᠬᠠᠢ ᠣᠶ᠋ᠢᠯᠠᠭ᠋ᠠᠪᠠ᠃


    ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠰᠢᠯᠢᠳᠡᠭ ᠲᠠᠮᠢᠷᠴᠢᠨ᠂ ᠰᠤᠷᠭ᠋ᠠᠭᠴᠢ᠂ ᠪᠡᠶ᠎ᠡ ᠵᠢᠨ ᠲᠠᠮᠢᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ ᠵᠡᠷᠭᠡ ᠵᠢᠨ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠨᠢᠭᠡ ᠨᠠᠰᠤᠲᠠᠨ ᠨᠢᠭᠡ ᠪᠠᠭ᠎ᠠ》᠂ ᠡᠮᠡᠭᠲᠡᠶ᠋ᠢᠴᠦᠳ᠂ ᠵᠡᠮᠳᠡᠭᠴᠦᠳ᠂ ᠮᠠᠯᠴᠢᠨ ᠲᠠᠷᠢᠶᠠᠴᠢᠨ ᠵᠡᠷᠭᠡ ᠭᠤᠤᠯᠳᠠᠯᠭ᠎ᠠ᠎ᠲᠠᠢ ᠬᠥᠮᠦᠰ᠎ᠲᠤ ᠦᠢ᠍ᠯᠡᠴᠢᠯᠡᠨ᠂ ᠵᠡᠭᠡᠯᠢ ᠭᠤᠳᠤᠮᠵᠢ ᠨᠡᠶ᠋ᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ᠂ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠰᠤᠷᠭ᠋ᠠᠭᠤᠯᠢ᠂ ᠴᠡᠷᠢᠭ᠎ᠤᠨ ᠬᠤᠸᠠᠷᠠᠨ᠂ ᠦᠵᠡᠮᠵᠢ ᠵᠢᠨ ᠣᠷᠣᠨ᠂ ᠬᠤᠳᠠᠯᠳᠤᠭ᠋ᠠᠨ᠎ᠤ ᠲᠣᠭᠤᠷᠢᠭ ᠵᠡᠷᠭᠡ᠎ᠳᠤ ᠭᠦᠨᠵᠡᠭᠡᠶ᠋ᠢᠷᠡᠵᠦ᠂ ᠬᠤᠪᠢᠰᠬᠠᠯ᠎ᠤᠨ ᠡᠷᠲᠡ ᠴᠢᠯᠥᠭᠡᠯᠡᠭᠳᠡᠭᠰᠡᠨ ᠣᠷᠣᠨ᠂ ᠬᠢᠯᠢ ᠬᠢᠵᠠᠭ᠋ᠠᠷ ᠣᠷᠣᠨ᠂ ᠬᠠᠲᠤᠨ ᠭᠤᠤᠯ᠎ᠤᠨ ᠡᠷᠭᠢ ᠳᠠᠭ᠋ᠠᠤ ᠵᠡᠷᠭᠡ ᠭᠠᠵᠠᠷ ᠣᠷᠣᠨ ᠲᠡᠶ᠋ᠢᠰᠢ ᠬᠡᠯᠪᠡᠢ᠌ᠬᠦ ᠵᠢ ᠴᠢᠬᠤᠯᠠᠴᠢᠯᠠᠵᠤ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠨ ᠵᠢᠯᠣᠭᠤᠳᠣᠯᠭ᠎ᠠ᠂ ᠬᠥᠳᠡᠯᠭᠡᠭᠡᠨ᠎ᠤ ᠲᠥᠷᠥᠯ ᠵᠦᠢ᠍ᠯ᠎ᠢ ᠲᠦᠭᠡᠮᠡᠯᠵᠢᠭᠦᠯᠬᠦ ᠪᠠ ᠳᠡᠯᠭᠡᠷᠡᠭᠦᠯᠬᠦ᠂ ᠪᠡᠶ᠎ᠡ ᠮᠠᠬᠠᠪᠣᠳ᠎ᠤᠨ ᠪᠠᠢ᠌ᠴᠠᠭ᠋ᠠᠯᠳᠠ᠂ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠵᠡᠷᠭᠡ ᠵᠢ ᠲᠦᠭ ᠲᠦᠮᠡᠨ ᠠᠶ᠋ᠢᠯ ᠡᠷᠦᠬᠡ᠎ᠳᠤ ᠬᠦᠷᠭᠡᠵᠦ᠂ ᠣᠯᠠᠨ ᠲᠦᠮᠡᠨ᠎ᠤ ᠳᠡᠷᠭᠡᠳᠡ ᠬᠦᠷᠭᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
2024 ᠣᠨ᠎ᠤ ᠪᠥᠬᠥ ᠤᠯᠤᠰ᠎ᠤᠨ ᠡᠮᠡᠭᠲᠡᠢ ᠵᠢᠨ ᠨᠢᠳᠤᠷᠭ᠋ᠠᠨ ᠲᠡᠮᠡᠴᠡᠭᠡᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠥᠪᠥᠷ ᠮᠣᠩᠭᠣᠯ 2 ᠠᠯᠲᠠᠨ ᠮᠧᠳᠠᠯ 2 ᠮᠥᠩᠭᠥᠨ ᠮᠧᠳᠠᠯ 1 ᠬᠦᠷᠡᠯ ᠮᠧᠳᠠᠯ ᠣᠯᠪᠠ
ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠤᠯᠠᠮᠵᠢᠯᠠᠯᠲᠤ ᠣᠨᠴᠠᠯᠢᠭᠲᠤ ᠰᠤᠷᠭ᠋ᠠᠭᠤᠯᠢ ᠵᠢᠨ ᠭᠤᠷᠪᠠᠨ ᠬᠥᠮᠥᠨ᠎ᠤ ᠰᠠᠭᠰᠤᠨ ᠪᠥᠮᠪᠥᠭᠡ ᠵᠢᠨ ᠤᠷᠤᠯᠳᠤᠭ᠋ᠠᠨ ᠡᠬᠢᠯᠡᠪᠡ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠧᠦ᠋ᠷᠣᠫᠠ ᠲᠢᠪ᠎ᠤᠨ ᠬᠦᠯ ᠪᠦᠮᠪᠦᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠤᠭᠤᠴᠠᠭ᠋ᠠᠨ᠎ᠳᠤ᠎ᠬᠢ ᠪᠥᠬᠦ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠬᠠᠮᠢᠶᠠᠷᠤᠯᠲᠠ ᠵᠢᠨ ᠠᠵᠢᠯ᠎ᠢ ᠲᠤᠰᠬᠠᠶ ᠰᠡᠳᠦᠪ ᠵᠶ᠋ᠠᠷ ᠪᠠᠶ᠋ᠢᠷᠢᠯᠠᠭᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠶᠢᠰᠦᠳᠦᠭᠡᠷ ᠬᠤᠭᠤᠴᠠᠭ᠋ᠠᠨ᠎ᠤ ᠵᠠᠭᠤᠨ ᠬᠤᠰᠢᠭᠤ ᠰᠢᠶᠠᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠣᠯᠢᠯᠴᠠᠭ᠋ᠠᠨ᠎ᠤ ᠤᠷᠤᠯᠳᠤᠭ᠋ᠠᠨ ᠲᠦᠩᠯᠢᠶᠣᠤ ᠬᠤᠲᠠ᠎ᠳᠤ ᠶᠠᠪᠤᠭᠳᠠᠪᠠ
 
            