ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠧᠦ᠋ᠷᠣᠫᠠ ᠲᠢᠪ᠎ᠤᠨ ᠬᠦᠯ ᠪᠦᠮᠪᠦᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠤᠭᠤᠴᠠᠭ᠋ᠠᠨ᠎ᠳᠤ᠎ᠬᠢ ᠪᠥᠬᠦ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠬᠠᠮᠢᠶᠠᠷᠤᠯᠲᠠ ᠵᠢᠨ ᠠᠵᠢᠯ᠎ᠢ ᠲᠤᠰᠬᠠᠶ ᠰᠡᠳᠦᠪ ᠵᠶ᠋ᠠᠷ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2024-06-21

     6   ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠲᠥᠪ᠎ᠤᠨ ᠧᠦ᠋ᠷᠣᠫᠠ ᠲᠢᠪ᠎ᠤᠨ ᠬᠦᠯ ᠪᠦᠮᠪᠦᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠤᠭᠤᠴᠠᠭ᠋ᠠᠨ᠎ᠳᠤ᠎ᠬᠢ ᠪᠥᠬᠦ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠪᠣᠷᠣᠯᠠᠭᠤᠯᠭ᠎ᠠ ᠵᠢᠨ ᠬᠠᠮᠢᠶᠠᠷᠤᠯᠲᠠ ᠵᠢᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠲᠠᠷᠠᠭ᠋ᠠᠴᠢ ᠵᠢᠨ ᠠᠯᠬᠤᠮ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠃
      ᠵᠠᠩ ᡁᠢ᠎ᠠᠴᠠ ᠧᠦ᠋ᠷᠣᠫᠠ ᠲᠢᠪ᠎ᠤᠨ ᠬᠦᠯ ᠪᠦᠮᠪᠦᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠨᠢ ᠡᠩᠨᠡᠭᠡ ᠵᠢ ᠥᠷᠭᠡᠳᠬᠡᠬᠦ᠂   ᠡᠩᠨᠡᠭᠡ ᠵᠢᠨ ᠪᠦᠲᠦᠴᠡ ᠵᠢ ᠰᠢᠯᠢᠳᠡᠭᠵᠢᠭᠦᠯᠬᠦ᠂ ᠥᠷᠢᠰᠥᠯᠳᠦᠨ ᠲᠠᠭ᠋ᠠᠬᠤ ᠲᠣᠭᠯᠠᠭ᠋ᠠᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠰᠠᠶ᠋ᠢᠨ ᠰᠠᠶ᠋ᠢᠬᠠᠨ ᠠᠵᠠ ᠲᠣᠬᠢᠶᠠᠯ ᠬᠠᠩᠭ᠋ᠠᠪᠠ᠂ ᠪᠥᠬᠦ ᠣᠷᠣᠨ ᠵᠶ᠋ᠠᠷ ᠵᠶ᠋ᠠᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠪᠣᠯᠤᠨ ᠶᠡᠷᠦᠩᠬᠡᠶ ᠲᠣᠪᠴᠢᠶ᠎ᠠ ᠵᠢᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠲᠥᠪ᠎ᠤᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ ᠠᠵᠠ ᠲᠣᠬᠢᠶᠠᠯ᠎ᠢ ᠠᠮᠵᠢᠨ᠂ ᠪᠠᠶ᠋ᠢᠳᠠᠯ᠎ᠢ ᠠᠮᠵᠢᠨ ᠤᠷᠤᠭᠰᠢᠯᠠᠵᠤ᠂   ᠤᠷᠤᠯᠳᠤᠭ᠋ᠠᠨ᠎ᠤ ᠬᠤᠭᠤᠴᠠᠭ᠋ᠠᠨ᠎ᠳᠤ᠎ᠬᠢ ᠮᠠᠨ᠎ᠤ ᠣᠷᠣᠨ᠎ᠤ ᠥᠷᠢᠰᠥᠯᠳᠦᠨ ᠳᠠᠭ᠋ᠠᠬᠤ ᠲᠣᠭᠯᠠᠭ᠋ᠠᠮ᠎ᠤᠨ ᠡᠯ᠎ᠡ ᠵᠦᠢ᠍ᠯ᠎ᠤᠨ ᠠᠵᠢᠯ᠎ᠳᠤ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
      ᠵᠠᠩ ᡁᠢ᠎ᠠᠴᠠ ᠣᠷᠳᠣᠰ ᠬᠤᠲᠠ ᠪᠠ ᠲᠦᠩᠯᠢᠶᠣᠤ ᠬᠤᠲᠠ᠎ᠳᠤ ᠪᠠᠶ᠋ᠢᠴᠠᠭ᠋ᠠᠨ ᠰᠤᠳᠤᠯᠤᠯᠲᠠ ᠬᠢᠭᠰᠡᠨ ᠪᠠᠶ᠋ᠢᠳᠠᠯ᠎ᠲᠠᠢ ᠤᠶᠠᠯᠳᠤᠭᠤᠯᠤᠨ᠂ ᠪᠥᠬᠦ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠰᠢᠰᠲ᠋ᠧᠮ᠎ᠨᠢ ᠡᠷᠬᠡᠪᠰᠢ ᠤᠯᠤᠰ ᠲᠥᠷᠥ ᠵᠢ ᠡᠷᠬᠢᠮᠯᠡᠬᠦ ᠵᠤᠭᠰᠤᠴᠠ᠎ᠠᠴᠠ ᠣᠳᠣᠬᠠᠨ᠎ᠤ ᠤᠯᠤᠰ᠎ᠤᠨ ᠪᠦᠬᠦᠯᠢ ᠴᠣᠭᠴᠠ ᠵᠢᠨ ᠠᠮᠤᠷ ᠲᠦᠪᠰᠢᠨ ᠲᠦᠭᠰᠢᠭᠦᠷᠢ ᠵᠢᠨ ᠪᠠᠶ᠋ᠢᠳᠠᠯ ᠵᠢᠴᠢ ᠱᠠᠩᠨᠠᠯᠲᠤ ᠰᠤᠭᠤᠯᠤᠭ᠎ᠠ ᠵᠢᠨ ᠠᠵᠢᠯ ᠲᠥᠷᠥᠯ᠎ᠤᠨ 《ᠬᠢᠨᠠᠯᠲᠠ ᠬᠠᠮᠢᠶᠠᠷᠤᠯᠲᠠ》 ᠵᠢᠨ ᠱᠠᠭ᠋ᠠᠷᠳᠠᠯᠭ᠎ᠠ ᠵᠢ ᠲᠣᠳᠣᠷᠬᠠᠶ ᠲᠠᠨᠢᠵᠤ᠂ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ ᠤᠬᠠᠮᠰᠠᠷ᠎ᠢ ᠪᠠᠲᠤ ᠪᠣᠶ ᠪᠣᠯᠭ᠋ᠠᠵᠤ᠂ ᠠᠮᠤᠷ ᠲᠦᠪᠰᠢᠨ ᠲᠣᠭᠲᠠᠭᠤᠨ ᠪᠠᠶ᠋ᠢᠬᠤ ᠵᠢ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠡᠵᠡᠩᠨᠡᠯᠲᠡ ᠵᠢᠨ ᠠᠵᠢᠯ᠎ᠤᠨ ᠬᠠᠮᠤᠭ᠎ᠤᠨ ᠴᠢᠬᠤᠯᠠ᠂ ᠬᠠᠮᠤᠭ᠎ᠤᠨ ᠭᠤᠤᠯ ᠵᠠᠷᠴᠢᠮ ᠪᠣᠯᠭ᠋ᠠᠵᠤ᠂ ᠧᠦ᠋ᠷᠣᠫᠠ ᠲᠢᠪ᠎ᠤᠨ ᠬᠦᠯ ᠪᠦᠮᠪᠦᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠤᠭᠤᠴᠠᠭ᠋ᠠᠨ᠎ᠳᠠᠬᠢ ᠪᠥᠬᠦ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠪᠦᠬᠦᠯᠢ ᠴᠣᠭᠴᠠ ᠵᠢᠨ ᠲᠦᠭᠰᠢᠭᠦᠷᠢ ᠵᠢ ᠡᠵᠡᠮᠳᠡᠵᠦ᠂ ᠠᠮᠤᠷ ᠲᠦᠪᠰᠢᠨ ᠲᠣᠭᠲᠠᠭᠤᠨ ᠪᠠᠶ᠋ᠢᠬᠤ ᠵᠢ ᠪᠥᠬᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
      ᠵᠠᠩ ᡁᠢ ᠱᠠᠭ᠋ᠠᠷᠳᠠᠭᠰᠠᠨ᠎ᠨᠢ᠂ ᠨᠢᠭᠡ᠎ᠳᠤ ᠦᠵᠡᠯ ᠰᠠᠨᠠᠭ᠎ᠠ᠎ᠪᠠᠨ ᠨᠢᠭᠡᠳᠬᠡᠵᠦ᠂ ᠤᠯᠤᠰ ᠲᠥᠷᠥ ᠵᠢᠨ ᠤᠬᠠᠮᠰᠠᠷ ᠵᠶ᠋ᠠᠨ ᠳᠡᠭᠡᠭᠰᠢᠯᠡᠭᠦᠯᠬᠦ ᠬᠡᠷᠡᠭᠲᠡᠶ᠃ ᠤᠯᠤᠰ᠎ᠤᠨ 《ᠤᠯᠤᠰ ᠲᠥᠷᠥ ᠵᠢᠨ ᠠᠮᠤᠷ ᠲᠦᠪᠰᠢᠨ》᠎ᠢ ᠬᠠᠮᠠᠭ᠋ᠠᠯᠠᠬᠤ   ᠵᠤᠭᠰᠤᠴᠠ᠎ᠠᠴᠠ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠪᠣᠷᠣᠯᠠᠭᠤᠯᠭ᠎ᠠ ᠵᠢᠨ ᠴᠢᠬᠤᠯᠠ ᠠᠴᠢ ᠬᠤᠯᠪᠣᠭᠳᠠᠯ᠎ᠢ ᠭᠦᠨᠵᠡᠭᠡᠶ ᠲᠠᠨᠢᠵᠤ᠂ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠠᠯᠲᠠ᠎ᠪᠠᠨ ᠲᠣᠳᠣᠷᠬᠠᠶ᠋ᠢᠯᠠᠵᠤ᠂ ᠱᠠᠭ᠋ᠠᠷᠳᠠᠯᠭ᠎ᠠ᠎ᠪᠠᠨ ᠤᠶ᠋ᠢᠯᠠᠭ᠋ᠠᠨ᠂ ᠪᠣᠷᠣᠯᠠᠭᠤᠯᠭ᠎ᠠ ᠵᠢᠨ ᠬᠠᠮᠢᠶᠠᠷᠤᠯᠲᠠ ᠵᠢᠨ ᠠᠵᠢᠯ᠎ᠤᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠶ᠋ᠢᠬᠤ ᠵᠢ ᠬᠠᠮᠠᠭ᠋ᠠᠯᠠᠬᠤ ᠬᠡᠷᠡᠭᠲᠡᠶ᠃

      ᠬᠤᠶᠠᠷ᠎ᠲᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠬᠦ᠎ᠪᠠᠨ ᠴᠢᠩᠭ᠋ᠠᠳᠬᠠᠵᠤ᠂ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠬᠠᠮᠤᠭ᠎ᠤᠨ ᠨᠠᠷᠢᠯᠢᠭ᠂ ᠴᠢᠩᠭ᠎ᠠ ᠨᠢᠮᠪᠠᠢ᠂ ᠰᠢᠨᠵᠢᠯᠡᠬᠦ ᠤᠬᠠᠭ᠋ᠠᠨᠴᠢ᠂ ᠥᠨᠳᠥᠷ ᠪᠦᠲᠦᠮᠵᠢᠲᠡᠢ ᠠᠵᠢᠯ᠎ᠤᠨ ᠣᠪᠣᠷ ᠵᠶ᠋ᠠᠷ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠬᠦᠴᠦᠯᠡᠨ ᠴᠢᠷᠮᠠᠶ᠋ᠢᠵᠤ ᠦᠢ᠍ᠯᠡᠰ ᠪᠦᠲᠦᠭᠡᠬᠦ ᠬᠡᠷᠡᠭᠲᠡᠢ᠃ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠬᠤ ᠲᠣᠭᠲᠠᠴᠠ ᠪᠠ ᠠᠵᠢᠯ᠎ᠤᠨ ᠴᠤᠪᠤᠷᠠᠯ᠎ᠢ ᠪᠠᠶ᠋ᠢᠭᠤᠯᠵᠤ᠂ ᠡᠳ᠋᠎ᠤᠨ ᠵᠠᠰᠠᠭ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠯᠦᠭᠡ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠬᠠᠮᠲᠤᠷᠠᠯᠴᠠᠭ᠎ᠠ ᠥᠷᠨᠢᠭᠦᠯᠵᠦ᠂ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠬᠢᠨᠠᠯᠲᠠ ᠬᠠᠮᠢᠶᠠᠷᠤᠯᠲᠠ ᠵᠢᠨ ᠨᠡᠶ᠋ᠢᠯᠡᠮᠡᠯ ᠬᠦᠴᠦᠨ᠎ᠢ ᠪᠤᠢ ᠪᠣᠯᠭ᠋ᠠᠬᠤ ᠬᠡᠷᠡᠭᠲᠡᠶ᠃
      ᠭᠤᠷᠪᠠ᠎ᠳᠤ᠂ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠨ᠎ᠠ᠃ ᠰᠤᠷᠪᠤᠯᠵᠢᠯᠠᠨ ᠪᠠᠶ᠋ᠢᠴᠠᠭ᠋ᠠᠨ ᠰᠤᠳᠤᠯᠬᠤ᠂ ᠰᠤᠭᠤᠴᠢᠨ ᠪᠠᠶ᠋ᠢᠴᠠᠭ᠋ᠠᠵᠤ ᠬᠠᠷᠢᠯᠴᠠᠨ ᠪᠠᠶ᠋ᠢᠴᠠᠭ᠋ᠠᠬᠤ ᠪᠠ ᠰᠦᠪᠡᠭᠴᠢ ᠴᠤᠭᠯᠠᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠭᠤᠤᠯᠳᠠᠯᠭ᠎ᠠ᠎ᠲᠠᠢ ᠪᠣᠳᠠᠲᠤ ᠴᠣᠭᠴᠠ ᠵᠢᠨ ᠳᠡᠯᠭᠡᠭᠦᠷ᠂ ᠭᠤᠤᠯᠳᠠᠯᠭ᠎ᠠ᠎ᠲᠠᠢ ᠬᠥᠮᠦᠰ᠂ ᠭᠤᠤᠯᠳᠠᠯᠭ᠎ᠠ᠎ᠲᠠᠢ ᠭᠠᠵᠠᠷ ᠣᠷᠣᠨ᠎ᠤ ᠬᠢᠨᠠᠨ ᠡᠵᠡᠮᠳᠡᠬᠦ ᠬᠠᠮᠢᠶᠠᠷᠤᠯᠲᠠ ᠵᠢ ᠨᠠᠷᠢᠯᠢᠬ᠍ᠵᠢᠭᠤᠯᠤᠨ ᠴᠢᠩᠭ᠋ᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠵᠢ ᠴᠠᠭ ᠲᠤᠬᠠᠶ᠎ᠳᠤᠨᠢ ᠢᠯᠭ᠋ᠠᠨ ᠲᠠᠨᠢᠬᠤ ᠪᠠ ᠠᠷᠢᠯᠭ᠋ᠠᠬᠤ ᠬᠡᠷᠡᠭᠲᠡᠶ᠃
      ᠲᠦᠷᠪᠡ᠎ᠳᠤ᠂ ᠪᠣᠭᠤᠮᠲᠠ ᠵᠢ ᠤᠷᠤᠭᠰᠢ ᠰᠢᠯᠵᠢᠭᠦᠯᠵᠦ᠂ ᠬᠢᠮᠤᠷᠠᠯ᠎ᠢ ᠠᠷᠭ᠋ᠠᠴᠠᠬᠤ ᠠᠵᠢᠯ᠎ᠢ ᠰᠠᠶ᠋ᠢᠲᠤᠷ ᠬᠢᠬᠦ ᠬᠡᠷᠡᠭᠳᠡᠢ᠃ ᠡᠷᠲᠡ᠎ᠳᠤ ᠰᠠᠭᠤᠷᠢᠯᠠᠵᠤ᠂ ᠨᠠᠷᠢᠨ ᠨᠢᠮᠪᠠᠢ ᠨᠠᠶ᠋ᠢᠳᠠᠪᠤᠷᠢᠵᠢᠭᠤᠯᠵᠤ᠂ ᠲᠦᠷᠭᠡᠨ ᠪᠠᠶ᠋ᠢᠬᠤ ᠵᠢ ᠪᠣᠳᠣᠯᠬᠢᠯᠠᠵᠤ᠂ ᠪᠣᠷᠣᠯᠠᠭᠤᠯᠤᠯᠲᠠ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠂ ᠤᠬᠠᠭᠤᠯᠭ᠎ᠠ ᠵᠡᠷᠭᠡ ᠪᠦᠬᠦ ᠬᠦᠷᠢᠶ᠎ᠡ᠂ ᠡᠯ᠎ᠡ ᠭᠤᠭᠴᠤᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠵᠤ᠂ ᠲᠦᠭᠰᠢᠭᠦᠷᠢ ᠵᠢᠨ ᠬᠥᠮᠥᠷᠭᠡ᠂ ᠬᠡᠷᠡᠭ ᠶᠠᠪᠤᠳᠠᠯ᠎ᠤᠨ ᠬᠥᠮᠥᠷᠭᠡ ᠵᠢ ᠴᠠᠭ ᠲᠤᠬᠠᠢ᠎ᠳᠤᠨᠢ ᠰᠢᠨᠡᠳᠬᠡᠵᠦ᠂ ᠠᠶᠤᠯ ᠲᠦᠭᠰᠢᠭᠦᠷᠢ ᠵᠢᠨ ᠭᠡᠮ ᠰᠣᠭᠤᠭ᠎ᠢ ᠴᠤᠬᠤᠶ᠋ᠢᠵᠤ ᠪᠠᠶ᠋ᠢᠭ᠎ᠠ ᠦᠶ᠎ᠡ᠎ᠳᠤᠨᠢ ᠠᠷᠢᠯᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠢ᠃
      ᠲᠠᠪᠤ᠎ᠳᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠪᠠ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ 《ᠰᠢᠨ᠎ᠡ ᠵᠠᠮ᠎ᠢ ᠨᠡᠭᠡᠭᠡᠵᠦ᠂ ᠳᠤᠮᠳᠠ ᠤᠷᠤᠰᠬᠠᠯ᠎ᠳᠤ ᠣᠷᠣᠬᠤ》 ᠰᠤᠷᠲᠠᠯ᠎ᠤᠨ ᠪᠠᠶ᠋ᠢᠭᠤᠯᠤᠯᠲᠠ ᠵᠢᠨ ᠣᠨ᠎ᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠵᠥᠪ ᠣᠨᠣᠪᠴᠢᠲᠠᠢ ᠠᠵᠢᠯ᠎ᠤᠨ ᠪᠦᠲᠦᠮᠵᠢ ᠵᠢᠨ ᠦᠵᠡᠯᠲᠡ ᠵᠢ ᠪᠠᠲᠤ ᠪᠤᠢ ᠪᠣᠯᠭ᠋ᠠᠵᠤ᠂ ᠬᠠᠤᠯᠢᠵᠢᠯ᠎ᠤᠨ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠬᠠᠷᠢᠭᠤᠴᠠᠯᠭ᠎ᠠ ᠵᠢᠨ ᠤᠳᠤᠷᠢᠳᠤᠮᠵᠢ ᠵᠢ ᠪᠠᠷᠢᠮᠲᠠᠯᠠᠵᠤ᠂ ᠠᠵᠢᠯ᠎ᠤᠨ ᠰᠤᠷᠲᠠᠯ ᠵᠶ᠋ᠠᠨ ᠰᠠᠶ᠋ᠢᠵᠢᠷᠠᠭᠤᠯᠵᠤ᠂ ᠡᠩᠨᠡᠭᠡᠨ᠎ᠤ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃
      ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠲᠥᠪ᠎ᠤᠨ ᠬᠠᠷᠢᠭᠤᠴᠠᠯᠭ᠋ᠠᠲᠠᠨ ᠪᠣᠯᠤᠨ ᠬᠠᠮᠢᠶ᠎ᠠ ᠪᠦᠬᠦᠢ ᠬᠥᠮᠦᠰ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠶᠢᠰᠦᠳᠦᠭᠡᠷ ᠬᠤᠭᠤᠴᠠᠭ᠋ᠠᠨ᠎ᠤ ᠵᠠᠭᠤᠨ ᠬᠤᠰᠢᠭᠤ ᠰᠢᠶᠠᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠣᠯᠢᠯᠴᠠᠭ᠋ᠠᠨ᠎ᠤ ᠤᠷᠤᠯᠳᠤᠭ᠋ᠠᠨ ᠲᠦᠩᠯᠢᠶᠣᠤ ᠬᠤᠲᠠ᠎ᠳᠤ ᠶᠠᠪᠤᠭᠳᠠᠪᠠ
 
            