ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠶᠢᠰᠦᠳᠦᠭᠡᠷ ᠬᠤᠭᠤᠴᠠᠭ᠋ᠠᠨ᠎ᠤ ᠵᠠᠭᠤᠨ ᠬᠤᠰᠢᠭᠤ ᠰᠢᠶᠠᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠣᠯᠢᠯᠴᠠᠭ᠋ᠠᠨ᠎ᠤ ᠤᠷᠤᠯᠳᠤᠭ᠋ᠠᠨ ᠲᠦᠩᠯᠢᠶᠣᠤ ᠬᠤᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-06-26

    6 ᠰᠠᠷ᠎ᠠ ᠵᠢᠨ 25᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠶᠢᠰᠦᠳᠦᠭᠡᠷ ᠬᠤᠭᠤᠴᠠᠭ᠋ᠠᠨ᠎ᠤ ᠵᠠᠭᠤᠨ ᠬᠤᠰᠢᠭᠤ ᠰᠢᠶᠠᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠣᠯᠢᠯᠴᠠᠭ᠋ᠠᠨ᠎ᠤ ᠤᠷᠤᠯᠳᠤᠭ᠋ᠠᠨ ᠲᠦᠩᠯᠢᠶᠣᠤ ᠬᠤᠲᠠ᠎ᠳᠤ ᠶᠠᠪᠤᠭᠳᠠᠪᠠ᠃ ᠤᠷᠤᠯᠳᠤᠭ᠋ᠠᠨ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ᠂ ᠲᠦᠩᠯᠢᠶᠣᠤ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭ᠋ᠠᠭᠤᠯᠢ᠎ᠠᠴᠠ ᠬᠠᠮᠲᠤᠷᠠᠨ ᠡᠷᠭᠢᠯᠡᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠲᠥᠪ᠂ ᠲᠦᠩᠯᠢᠶᠣᠤ ᠬᠤᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ᠂ ᠲᠦᠩᠯᠢᠶᠣᠤ ᠬᠤᠲᠠ ᠵᠢᠨ ᠬᠤᠷᠴᠢᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠲᠦᠩᠯᠢᠶᠣᠤ ᠵᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠎ᠠᠴᠠ ᠳᠠᠭ᠋ᠠᠭ᠋ᠠᠴᠢᠯᠠᠨ ᠡᠷᠭᠢᠯᠡᠵᠦ᠂ ᠪᠥᠬᠦ ᠣᠷᠣᠨ᠎ᠤ 103 ᠲᠥᠯᠥᠭᠡᠯᠡᠭᠴᠢᠳ᠎ᠤᠨ ᠠᠩᠭᠢ ᠵᠢᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠲᠤ ᠪᠠᠭ᠍ᠠᠲᠠᠶ ᠬᠥᠮᠦᠰ ᠡᠯ᠎ᠡ ᠲᠥᠷᠥᠯ ᠵᠦᠢ᠍ᠯ᠎ᠤᠨ ᠥᠷᠢᠰᠥᠯᠳᠦᠭᠡᠨ᠎ᠳᠤ ᠣᠷᠣᠯᠴᠠᠪᠠ᠃


    5 ᠡᠳᠦᠷ᠎ᠤᠨ ᠬᠤᠭᠤᠴᠠᠭ᠎ᠠ᠎ᠲᠠᠢ ᠤᠷᠤᠯᠳᠤᠭ᠋ᠠᠨ᠎ᠳᠤ᠂ ᠵᠣᠬᠢᠶᠠᠨ ᠪᠠᠶ᠋ᠢᠭᠤᠯᠬᠤ ᠺᠣᠮᠢᠰ᠎ᠠᠴᠠ ᠪᠠᠰᠠ 2024 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠲᠦᠮᠡᠨ ᠲᠣᠰᠬᠤᠨ᠎ᠤ ᠡᠮᠡᠭᠲᠡᠶ᠋ᠢᠴᠦᠳ》᠎ᠤᠨ ᠨᠢᠭᠡᠳᠦᠭᠡᠷ ᠳᠡᠰ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ ᠵᠢᠨ ᠪᠣᠯᠪᠠᠰᠤᠷᠠᠯ᠎ᠤᠨ ᠠᠩᠭᠢ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠂ ᠥᠪᠥᠷ ᠮᠣᠩᠭᠤᠯ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮᠯᠢᠭ᠎ᠤᠨ ᠳᠥᠷᠪᠡᠳᠦᠭᠡᠷ ᠤᠳᠠᠭ᠋ᠠᠨ᠎ᠤ ᠭᠡᠰᠢᠭᠦᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠂ ᠪᠥᠬᠦ ᠣᠷᠣᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ ᠵᠢᠨ ᠠᠵᠢᠯ᠎ᠤᠨ ᠶᠠᠷᠢᠯᠴᠠᠬᠤ ᠬᠤᠷᠠᠯ ᠵᠡᠷᠭᠡ ᠠᠵᠢᠯᠯᠠᠭ᠎ᠠ ᠵᠢ ᠡᠷᠭᠢᠯᠡᠨ᠎ᠡ᠃


      ᠲᠠᠷᠠᠭ᠋ᠠᠴᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠶ ᠠᠭᠤᠰᠤᠯᠴᠠᠯ᠎ᠢ ᠲᠠᠰᠤᠷᠠᠯᠲᠠ ᠥᠬᠡᠶ ᠠᠬᠢᠭᠤᠯᠵᠤ᠂ ᠥᠷᠭᠡᠨ ᠣᠯᠠᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠲᠤ ᠪᠠᠭ᠍ᠠᠲᠠᠶ ᠬᠥᠮᠦᠰ᠎ᠲᠤ ᠰᠣᠯᠢᠯᠴᠠᠭ᠎ᠠ ᠬᠢᠬᠦ᠂ ᠳᠡᠯᠭᠡᠨ ᠦᠵᠡᠭᠦᠯᠬᠦ᠂ ᠤᠷᠤᠯᠳᠤᠭ᠋ᠠᠨ᠎ᠤ ᠨᠠᠩ ᠥᠷᠭᠡᠨ ᠲᠠᠪᠴᠠᠩ ᠪᠠᠶ᠋ᠢᠭᠤᠯᠤᠨ ᠥᠭᠴᠦ᠂ ᠮᠠᠨ᠎ᠤ ᠣᠷᠣᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠡᠷᠡᠭᠦᠯ ᠡᠩᠬᠡ ᠡᠶ᠎ᠡ ᠵᠣᠬᠢᠴᠠᠯ᠎ᠲᠠᠢ ᠣᠷᠴᠢᠨ ᠲᠣᠭᠤᠷᠢᠨ᠎ᠢ ᠪᠣᠶ ᠪᠣᠯᠭ᠋ᠠᠨ᠎ᠠ᠃  

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠧᠦ᠋ᠷᠣᠫᠠ ᠲᠢᠪ᠎ᠤᠨ ᠬᠦᠯ ᠪᠦᠮᠪᠦᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠬᠤᠭᠤᠴᠠᠭ᠋ᠠᠨ᠎ᠳᠤ᠎ᠬᠢ ᠪᠥᠬᠦ ᠣᠷᠣᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠬᠠᠮᠢᠶᠠᠷᠤᠯᠲᠠ ᠵᠢᠨ ᠠᠵᠢᠯ᠎ᠢ ᠲᠤᠰᠬᠠᠶ ᠰᠡᠳᠦᠪ ᠵᠶ᠋ᠠᠷ ᠪᠠᠶ᠋ᠢᠷᠢᠯᠠᠭᠤᠯᠪᠠ
ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠤᠯᠠᠮᠵᠢᠯᠠᠯᠲᠤ ᠣᠨᠴᠠᠯᠢᠭᠲᠤ ᠰᠤᠷᠭ᠋ᠠᠭᠤᠯᠢ ᠵᠢᠨ ᠭᠤᠷᠪᠠᠨ ᠬᠥᠮᠥᠨ᠎ᠤ ᠰᠠᠭᠰᠤᠨ ᠪᠥᠮᠪᠥᠭᠡ ᠵᠢᠨ ᠤᠷᠤᠯᠳᠤᠭ᠋ᠠᠨ ᠡᠬᠢᠯᠡᠪᠡ
2024 ᠣᠨ᠎ᠤ ᠪᠥᠬᠥ ᠤᠯᠤᠰ᠎ᠤᠨ ᠡᠮᠡᠭᠲᠡᠢ ᠵᠢᠨ ᠨᠢᠳᠤᠷᠭ᠋ᠠᠨ ᠲᠡᠮᠡᠴᠡᠭᠡᠨ᠎ᠤ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠥᠪᠥᠷ ᠮᠣᠩᠭᠣᠯ 2 ᠠᠯᠲᠠᠨ ᠮᠧᠳᠠᠯ 2 ᠮᠥᠩᠭᠥᠨ ᠮᠧᠳᠠᠯ 1 ᠬᠦᠷᠡᠯ ᠮᠧᠳᠠᠯ ᠣᠯᠪᠠ
2024 ᠣᠨ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠡᠬᠢᠯᠡᠯᠲᠡ ᠵᠢᠨ ᠶᠣᠰᠣᠯᠠᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠷᠢᠨ ᠤᠷᠤᠯᠳᠤᠭ᠋ᠠᠨ᠎ᠤ ᠲᠠᠯᠠᠪᠠᠶ᠎ᠳᠤ ᠶᠠᠪᠤᠭᠳᠠᠪᠠ
2024 ᠤᠨ᠎ᠳᠤ ᠺᠠᠽᠠᠭᠰᠲ᠋ᠠᠨ᠎ᠤ ᠶᠡᠷᠦᠩᠭᠡᠶ᠋ᠢᠯᠡᠭᠴᠢ ᠬᠤᠨᠳᠠᠭ᠋ᠠᠲᠤ ᠤᠯᠠᠨ ᠤᠯᠤᠰ᠎ᠤᠨ ᠨᠢᠳᠤᠷᠭ᠋ᠠᠨ ᠲᠡᠮᠡᠴᠡᠭᠡᠨ᠎ᠤ ᠤᠷᠢᠯᠭ᠎ᠠ ᠵᠢᠨ ᠤᠷᠤᠯᠳᠤᠭ᠋ᠠᠨ᠎ᠳᠤ ᠶᠠᠩ ᠯᠢᠤ ᠯᠢ ᠴᠢᠶᠠᠨ ᠮᠠᠩᠯᠠᠢ᠍ᠯᠠᠪᠠ
 
            