7 ᠰᠠᠷ᠎ᠠ ᠵᠢᠨ 13᠎ᠤ ᠡᠳᠦᠷ᠂ ᠰᠢᠨᠵᠢᠶᠠᠩ᠎ᠤᠨ ᠢᠯᠢ ᠵᠧᠦ᠎ᠳᠤ ᠶᠠᠪᠤᠭᠳᠠᠭᠰᠠᠨ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠠᠮᠵᠢᠯᠲᠠ᠎ᠲᠠᠢ ᠲᠡᠭᠦᠰᠪᠡ᠃ 6 ᠡᠳᠦᠷ᠎ᠤᠨ ᠤᠷᠤᠯᠳᠤᠭ᠋ᠠᠨ᠎ᠳᠤ᠂ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ 70 ᠲᠠᠮᠢᠷᠴᠢᠨ᠎ᠠᠴᠠ 63 ᠠᠳᠤᠭᠤ ᠪᠠ 13 ᠲᠡᠮᠡᠭᠡ᠎ᠪᠠᠨ ᠠᠪᠴᠦ ᠤᠷᠤᠯᠳᠤᠭ᠋ᠠᠨ᠎ᠳᠤ ᠤᠷᠤᠯᠴᠠᠭ᠋ᠠᠳ᠂ 24 ᠵᠦᠢ᠍ᠯ᠎ᠤᠨ ᠱᠠᠩᠨᠠᠯ ᠬᠦᠷᠳᠡᠪᠡ᠃ ᠡᠭᠦᠨ᠎ᠳᠤ ᠨᠢᠭᠡᠳᠦᠭᠡᠷ ᠳᠡᠰ᠎ᠤᠨ ᠱᠠᠩᠨᠠᠯ 2᠂ ᠬᠤᠶᠠᠳᠤᠭ᠋ᠠᠷ ᠳᠡᠰ᠎ᠤᠨ ᠱᠠᠩᠨᠠᠯ 10᠂ ᠭᠤᠷᠪᠠᠳᠤᠭ᠋ᠠᠷ ᠳᠡᠰ᠎ᠤᠨ ᠱᠠᠩᠨᠠᠯ 12 ᠪᠤᠢ᠃

7 ᠰᠠᠷ᠎ᠠ ᠵᠢᠨ 13᠎ᠤ ᠡᠳᠦᠷ ᠶᠠᠪᠤᠭᠳᠠᠭᠰᠠᠨ ᠬᠠᠮᠤᠭ᠎ᠤᠨ ᠰᠡᠭᠦᠯᠴᠢ ᠵᠢᠨ ᠤᠷᠤᠯᠳᠤᠭ᠋ᠠᠨ ᠪᠤᠯᠬᠤ ᠦᠨᠳᠦᠰᠦᠲᠡᠨ᠎ᠤ ᠮᠤᠷᠢᠨ ᠤᠷᠤᠯᠳᠤᠭ᠋ᠠᠨ᠎ᠤ 8000 ᠮᠸᠲᠷ᠎ᠤᠨ ᠤᠷᠤᠯᠳᠤᠭ᠋ᠠᠨ᠎ᠳᠤ᠂ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ 6 ᠲᠠᠮᠢᠷᠴᠢᠨ ᠲᠣᠮᠢᠯᠠᠨ ᠤᠷᠤᠯᠳᠤᠭ᠋ᠠᠨ᠎ᠳᠤ ᠣᠷᠣᠯᠴᠠᠭᠤᠯᠵᠤ᠂ ᠤᠷᠬᠢᠯ ᠪᠤᠯᠤᠨ ᠵᠢᠨ ᠰᠢᠶᠠᠨ ᠳ᠋ᠧ ᠤᠨᠤᠭᠰᠠᠨ ᠮᠤᠷᠢ ᠬᠤᠶᠠᠳᠤᠭ᠋ᠠᠷ ᠳᠡᠰ᠎ᠤᠨ ᠱᠠᠩᠨᠠᠯ ᠬᠦᠷᠲᠡᠵᠦ᠂ ᠪᠦᠦ ᠴᠦᠨ ᠱᠧᠩ ᠪᠠ ᠲᠠᠪᠤᠨᠴᠢᠨᠤ ᠤᠨᠤᠭᠰᠠᠨ ᠮᠤᠷᠢ ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠪᠡ᠃ ᠤᠷᠬᠢᠯ᠎ᠠᠴᠠ 《ᠥᠨᠥᠳᠥᠷ᠎ᠤᠨ ᠤᠷᠤᠯᠳᠤᠭ᠋ᠠᠨ᠎ᠳᠤ᠂ ᠪᠢ ᠰᠡᠭᠦᠯ᠎ᠤᠨ ᠬᠡᠳᠦᠨ ᠵᠠᠭᠤᠨ ᠮᠧᠲᠷ᠎ᠤᠨ ᠦᠶ᠎ᠡ᠎ᠳᠤ ᠡᠰᠡᠷᠭᠦ ᠡᠲᠡᠭᠡᠳ ᠵᠶ᠋ᠠᠨ ᠨᠡᠭᠡᠵᠦ ᠲᠠᠪᠠᠭᠰᠠᠨ ᠪᠤᠯᠪᠠᠴᠦ ᠬᠠᠮᠤᠭ᠎ᠤᠨ ᠰᠡᠬᠦᠯ᠎ᠳᠤ ᠬᠤᠶᠠᠳᠤᠭ᠋ᠠᠷ᠎ᠳᠤ ᠤᠷᠤᠵᠠᠢ᠂ ᠬᠣᠶᠠᠳᠤᠭ᠋ᠠᠷ ᠳᠡᠰ᠎ᠤᠨ ᠱᠠᠩᠨᠠᠯ ᠣᠯᠣᠭ᠋ᠠᠳ ᠲᠤᠩ ᠪᠠᠶᠠᠷᠲᠠᠢ ᠪᠠᠶ᠋ᠢᠨ᠎ᠠ᠃ ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠤᠷᠤᠯᠴᠠᠭ᠋ᠠᠳ᠂ ᠡᠯ᠎ᠡ ᠲᠥᠯᠥᠭᠡᠯᠡᠭᠴᠢᠳ᠎ᠤᠨ ᠪᠦᠯᠬᠦᠮ᠎ᠤᠨ ᠤᠨᠤᠭ᠋ᠠᠴᠢᠨᠠᠴᠠ ᠮᠠᠰᠢ ᠣᠯᠠᠨ ᠲᠤᠷᠰᠢᠯᠭ᠎ᠠ ᠰᠤᠷᠤᠯ᠎ᠠ᠂ ᠬᠠᠷᠢᠭᠰᠠᠨ᠎ᠤ ᠳᠠᠷᠠᠭ᠎ᠠ ᠦᠷᠭᠦᠯᠵᠢᠯᠡᠨ ᠰᠠᠶ᠋ᠢᠲᠤᠷ ᠪᠣᠯᠪᠠᠰᠤᠷᠠᠵᠤ᠂ ᠨᠡᠩ ᠰᠠᠶ᠋ᠢᠨ ᠬᠢᠷᠢ ᠪᠦᠲᠦᠮᠵᠢ ᠤᠯᠬᠤ᠎ᠪᠠᠷ ᠴᠢᠷᠮᠠᠶ᠋ᠢᠨ᠎ᠠ》 ᠭᠡᠵᠦ ᠬᠡᠯᠡᠵᠦ ᠪᠠᠢ᠌ᠪᠠ᠃

ᠥᠪᠥᠷ ᠮᠣᠩᠭᠤᠯ᠎ᠤᠨ ᠮᠣᠷᠢᠨ ᠮᠡᠷᠭᠡᠵᠢᠯ᠎ᠤᠨ ᠠᠩᠭᠢ ᠵᠢᠨ ᠭᠤᠤᠯ ᠳᠠᠰᠬᠠᠯᠵᠢᠭᠤᠯᠤᠭᠴᠢ ᠯᠢᠦ ᠬᠤᠩ ᠴᠢᠨ᠎ᠠᠴᠠ᠄ 《ᠦᠨᠳᠦᠰᠦᠲᠡᠨ᠎ᠨᠦᠭᠦᠳ᠎ᠤᠨ ᠣᠯᠠᠨ ᠲᠦᠮᠡᠨ ᠬᠠᠷᠢᠯᠴᠠᠨ ᠰᠤᠷᠤᠯᠴᠠᠵᠤ ᠰᠣᠯᠢᠯᠴᠠᠭ᠎ᠠ ᠬᠢᠪᠡᠯ ᠰᠠᠶᠢ ᠤᠷ᠎ᠠ ᠮᠡᠷᠭᠡᠵᠢᠯ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠴᠢᠳᠠᠨ᠎ᠠ᠃ ᠡᠨᠡ ᠤᠳᠠᠭ᠎ᠠ ᠪᠢᠳᠡ ᠮᠤᠷᠢᠨ ᠲᠡᠭᠡᠷᠡᠬᠢ ᠮᠤᠩᠭᠤᠯ ᠭᠡᠷ᠎ᠤᠨ ᠲᠤᠭᠯᠠᠯᠳᠠ ᠪᠡᠯᠡᠳᠬᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠠᠨᠠᠷ᠎ᠤᠨ ᠦᠷ᠎ᠡ ᠰᠢᠭ ᠨᠢᠠᠠᠳᠠᠷᠠᠨ ᠪᠦᠯᠬᠦᠮᠳᠡᠬᠦ ᠵᠢ ᠪᠡᠯᠭᠡᠳᠡᠯᠡ》 ᠭᠡᠵᠦ ᠪᠠᠢ᠌ᠪᠠ᠃

ᠥᠪᠥᠷ ᠮᠣᠩᠭᠣᠯ᠎ᠤᠨ ᠲᠠᠮᠢᠷᠴᠢᠨ ᠪᠤᠤ ᠴᠦᠩ ᠱᠧᠩ᠎ᠠᠴᠠ᠄ 《ᠡᠨᠡ ᠬᠦ᠌ ᠦᠪᠡᠳᠡᠭᠰᠢ ᠶᠡᠭᠡ ᠲᠠᠮᠢᠷ᠎ᠤᠨ ᠴᠤᠭᠯᠠᠭ᠋ᠠᠨ ᠳᠡᠭᠡᠷ᠎ᠡ᠂ ᠪᠢ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ ᠨᠠᠶ᠋ᠢᠵᠠ᠎ᠲᠠᠢ᠎ᠪᠠᠨ ᠬᠠᠷᠢᠯᠴᠠᠵᠤ᠂ ᠤᠯᠠᠨ ᠵᠶ᠋ᠠᠷ ᠵᠶ᠋ᠠᠨ ᠮᠣᠷᠢᠨ ᠮᠡᠷᠭᠡᠵᠢᠯ ᠵᠶ᠋ᠠᠨ ᠬᠠᠷᠢᠯᠴᠠᠨ ᠶᠠᠷᠢᠯᠴᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠲᠤᠯᠢᠳᠠᠵᠤ᠂ ᠮᠠᠷᠲᠠᠭᠳᠠᠰᠢ ᠦᠭᠡᠢ ᠰᠠᠶ᠋ᠢᠨ ᠰᠠᠶ᠋ᠢᠬᠠᠨ ᠳᠤᠷᠠᠰᠤᠮᠵᠢ ᠵᠢ ᠦᠯᠡᠳᠡᠭᠡᠪᠡ》 ᠭᠡᠵᠦ ᠪᠠᠢ᠌ᠯ᠎ᠠ᠃
