ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ 2024 ᠣᠨ᠎ᠤ ᠪᠥᠬᠦ ᠣᠷᠣᠨ᠎ᠤ ᠵᠠᠭᠤᠨ ᠬᠤᠰᠢᠭᠤ ᠰᠢᠶᠠᠨ᠎ᠤ ᠠᠭᠤᠳᠠᠮ ᠲᠠᠯᠠᠪᠠᠶ ᠵᠢᠨ ᠪᠥᠵᠢᠭ᠎ᠤᠨ ᠤᠷᠤᠯᠳᠤᠭ᠋ᠠᠨ ᠲᠡᠭᠦᠰ ᠠᠮᠵᠢᠯᠲᠠ᠎ᠲᠠᠢ ᠥᠨᠳᠥᠷᠯᠡᠪᠡ
ᠨᠡᠶ᠋ᠢᠲᠡᠯᠡᠭᠰᠡᠨ ᠴᠠᠭ᠄ 2024-07-23

    7 ᠰᠠᠷ᠎ᠠ ᠵᠢᠨ 19᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ 2024 ᠣᠨ᠎ᠤ ᠪᠥᠬᠦ ᠣᠷᠣᠨ᠎ᠤ ᠵᠠᠭᠤᠨ ᠬᠤᠰᠢᠭᠤ ᠰᠢᠶᠠᠨ᠎ᠤ ᠠᠭᠤᠳᠠᠮ ᠲᠠᠯᠠᠪᠠᠶ ᠵᠢᠨ ᠪᠥᠵᠢᠭ᠎ᠤᠨ ᠤᠷᠤᠯᠳᠤᠭ᠋ᠠᠨ ᠬᠢᠩᠭ᠋ᠠᠨ ᠠᠶ᠋ᠢᠮᠠᠭ᠎ᠤᠨ ᠤᠯᠠᠭ᠋ᠠᠨᠮᠥ᠋ᠴᠢᠷ᠎ᠤᠨ ᠣᠷᠳᠣᠨ᠎ᠳᠤ ᠲᠡᠭᠦᠰ ᠠᠮᠵᠢᠯᠲᠠ᠎ᠲᠠᠢ ᠥᠨᠳᠥᠷᠯᠡᠪᠡ᠃


   3 ᠡᠳᠦᠷ᠎ᠤᠨ ᠬᠤᠭᠤᠴᠠᠭ᠎ᠠ᠎ᠲᠠᠢ ᠤᠷᠤᠯᠳᠤᠭ᠋ᠠᠨ᠎ᠤ ᠶᠠᠪᠤᠴᠠ᠎ᠳᠤ᠂ ᠪᠥᠬᠦ ᠣᠷᠣᠨ᠎ᠤ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ ᠲᠣᠭᠤᠷᠢᠭ᠎ᠤᠨ 89 ᠲᠥᠯᠥᠭᠡᠯᠡᠭᠴᠢᠳ᠎ᠤᠨ ᠠᠩᠭᠢ᠎ᠠᠴᠠ ᠦᠪᠡᠳᠡᠭᠰᠢ ᠰᠠᠢ᠌ᠬᠠᠨ ᠠᠭᠤᠳᠠᠮ ᠲᠠᠯᠠᠪᠠᠶ ᠵᠢᠨ ᠪᠥᠵᠢᠭ ᠰᠤᠨᠢᠷᠬᠠᠭᠤᠯᠪᠠ᠃ ᠤᠷᠤᠯᠳᠤᠭ᠋ᠠᠨ᠎ᠤ ᠡᠴᠦᠰ᠎ᠲᠤ᠂ ᠦᠤᠰᠢᠨ ᠬᠤᠰᠢᠭᠤᠨ᠎ᠤ ᠲᠥᠯᠥᠭᠡᠯᠡᠭᠴᠢᠳ᠎ᠤᠨ ᠠᠩᠭᠢ᠂ ᠳ᠋ᠦᠩ ᠾᠧ ᠲᠣᠭᠤᠷᠢᠭ᠎ᠤᠨ ᠲᠥᠯᠥᠭᠡᠯᠡᠭᠴᠢᠳ᠎ᠤᠨ ᠠᠩᠭᠢ᠂ ᠪᠠᠭ᠋ᠠᠷᠢᠨ ᠪᠠᠷᠠᠭᠤᠨ ᠬᠤᠰᠢᠭᠤᠨ᠎ᠤ ᠲᠥᠯᠥᠭᠡᠯᠡᠭᠴᠢᠳ᠎ᠤᠨ ᠠᠩᠭᠢ᠂ ᠰᠠᠢ᠌ᠬᠠᠨ ᠲᠤᠭᠤᠷᠢᠭ᠎ᠤᠨ ᠲᠥᠯᠥᠭᠡᠯᠡᠭᠴᠢᠳ᠎ᠤᠨ ᠠᠩᠭᠢ᠂ ᠶᠤᠸᠠᠨ ᠪᠦᠦ ᠱᠠᠨ ᠲᠣᠭᠤᠷᠢᠭ᠎ᠤᠨ ᠲᠥᠯᠥᠭᠡᠯᠡᠭᠴᠢᠳ᠎ᠤᠨ ᠠᠩᠭᠢ᠂ ᠵᠡᠭᠦᠨᠭ᠋ᠠᠷ ᠬᠤᠰᠢᠭᠤᠨ᠎ᠤ ᠲᠥᠯᠥᠭᠡᠯᠡᠭᠴᠢᠳ᠎ᠤᠨ ᠠᠩᠭᠢ᠂ ᠡᠷᠢᠶᠡᠨ ᠬᠤᠲᠠ᠂ ᠰᠢᠯᠢᠩᠬᠤᠲᠠ ᠵᠢᠨ ᠲᠥᠯᠥᠭᠡᠯᠡᠭᠴᠢᠳ᠎ᠤᠨ ᠠᠩᠭᠢ᠂ ᠨᠢᠩᠴᠧᠩ ᠰᠢᠶᠠᠨ᠎ᠤ ᠲᠥᠯᠥᠭᠡᠯᠡᠭᠴᠢᠳ᠎ᠤᠨ ᠠᠩᠭᠢ ᠨᠢᠭᠡᠳᠦᠭᠡᠷ ᠳᠡᠰ᠎ᠤᠨ ᠱᠠᠩᠨᠠᠯ ᠭᠥᠷᠳᠡᠪᠡ; ᠬᠤᠷᠢᠨᠭᠡᠷ ᠰᠢᠶᠠᠨ᠎ᠤ ᠲᠥᠯᠥᠭᠡᠯᠡᠭᠴᠢᠳ᠎ᠤᠨ ᠠᠩᠭᠢ᠂ ᠡᠵᠡᠨ ᠬᠤᠷᠤᠭ᠎ᠠ ᠬᠤᠰᠢᠭᠤᠨ᠎ᠤ ᠲᠥᠯᠥᠭᠡᠯᠡᠭᠴᠢᠳ᠎ᠤᠨ ᠠᠩᠭᠢ᠂ ᠤᠯᠠᠭ᠋ᠠᠨᠬᠤᠲᠠ ᠵᠢᠨ ᠠᠷᠪᠠᠨ ᠬᠤᠶᠠᠳᠤᠭ᠋ᠠᠷ ᠠᠩᠭᠢ᠂ ᠵᠠᠯᠠᠨ ᠠᠶ᠋ᠢᠯ ᠬᠤᠲᠠ ᠵᠢᠨ ᠲᠥᠯᠥᠭᠡᠯᠡᠭᠴᠢᠳ᠎ᠤᠨ ᠠᠩᠭᠢ᠂ ᠲᠦᠴᠢᠦᠸᠠᠨ ᠰᠢᠶᠠᠨ᠎ᠤ ᠲᠥᠯᠥᠭᠡᠯᠡᠭᠴᠢᠳ᠎ᠤᠨ ᠠᠩᠭᠢ ᠤᠯᠠᠨ᠎ᠳᠤ ᠲᠠᠭ᠋ᠠᠰᠢᠶᠠᠭᠳᠠᠭᠰᠠᠨ ᠱᠠᠩᠨᠠᠯ ᠬᠦᠷᠲᠡᠪᠡ; ᠯᠢᠨ ᠾᠧ ᠲᠣᠭᠤᠷᠢᠭ᠎ᠤᠨ ᠲᠥᠯᠥᠭᠡᠯᠡᠭᠴᠢᠳ᠎ᠤᠨ ᠠᠩᠭᠢ᠂ ᠮᠠᠨᠵᠤᠤᠷ ᠬᠤᠲᠠ ᠵᠢᠨ ᠲᠥᠯᠥᠭᠡᠯᠡᠭᠴᠢᠳ᠎ᠤᠨ ᠠᠩᠭᠢ᠂ ᠰᠢᠨ᠎ᠡ ᠬᠤᠲᠠ ᠲᠣᠭᠤᠷᠢᠭ᠎ᠤᠨ ᠲᠥᠯᠥᠭᠡᠯᠡᠭᠴᠢᠳ᠎ᠤᠨ ᠠᠩᠭᠢ᠂ ᠳᠠᠯᠠᠳ ᠬᠤᠰᠢᠭᠤᠨ᠎ᠤ ᠲᠥᠯᠥᠭᠡᠯᠡᠭᠴᠢᠳ᠎ᠤᠨ ᠠᠩᠭᠢ᠂ ᠤᠷᠠᠳ᠎ᠤᠨ ᠬᠤᠶ᠋ᠢᠲᠤ ᠬᠤᠰᠢᠭᠤᠨ᠎ᠤ ᠲᠥᠯᠥᠭᠡᠯᠡᠭᠴᠢᠳ᠎ᠤᠨ ᠠᠩᠭᠢ ᠰᠢᠯᠢᠳᠡᠭ ᠬᠤᠪᠴᠠᠰᠦ ᠵᠠᠰᠠᠯ᠎ᠤᠨ ᠱᠠᠩᠨᠠᠯ ᠬᠦᠷᠳᠡᠪᠡ; ᠰᠢᠯᠤᠭᠤᠨ ᠬᠦᠪᠡᠭᠡᠳᠦ ᠴᠠᠭ᠋ᠠᠨ ᠬᠤᠰᠢᠭᠤᠨ᠎ᠤ ᠲᠥᠯᠥᠭᠡᠯᠡᠭᠴᠢᠳ᠎ᠤᠨ ᠠᠩᠭᠢ᠂ ᠵᠦᠸᠸ ᠽᠢ ᠰᠢᠶᠠᠨ᠎ᠤ ᠲᠥᠯᠥᠭᠡᠯᠡᠭᠴᠢᠳ᠎ᠤᠨ ᠠᠩᠭᠢ᠂ ᠬᠦᠨᠳᠡᠯᠡᠨ ᠲᠤᠭᠤᠷᠢᠭ᠎ᠤᠨ ᠲᠦᠯᠦᠭᠡᠯᠡᠭᠴᠢᠳ᠎ᠤᠨ ᠠᠩᠭᠢ᠂ ᠠᠷᠠᠳ᠎ᠤᠨ ᠡᠮᠦᠨᠡᠳᠦ ᠬᠤᠰᠢᠭᠤᠨ᠎ᠤ ᠲᠥᠯᠥᠭᠡᠯᠡᠭᠴᠢᠳ᠎ᠤᠨ ᠠᠩᠭᠢ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ᠎ᠤ ᠲᠥᠯᠥᠭᠡᠯᠡᠭᠴᠢᠳ᠎ᠤᠨ ᠠᠩᠭᠢ ᠰᠢᠯᠢᠳᠡᠭ ᠲᠣᠭᠯᠠᠯᠲᠠ ᠵᠢᠨ ᠱᠠᠩᠨᠠᠯ ᠭᠥᠷᠳᠡᠪᠡ; ᠬᠡᠰᠢᠭᠲᠡᠨ ᠬᠤᠰᠢᠭᠤᠨ᠎ᠤ ᠲᠥᠯᠥᠭᠡᠯᠡᠭᠴᠢᠳ᠎ᠤᠨ ᠠᠩᠭᠢ᠂ ᠣᠩᠨᠢᠭᠤᠳ ᠬᠤᠰᠢᠭᠤᠨ᠎ᠤ ᠲᠥᠯᠥᠭᠡᠯᠡᠭᠴᠢᠳ᠎ᠤᠨ ᠠᠩᠭᠢ᠂ ᠬᠤᠷᠴᠢᠨ ᠵᠡᠭᠦᠨ ᠭᠠᠷᠤᠨ ᠬᠤᠢ᠌ᠳᠦ ᠬᠤᠰᠢᠭᠤᠨ᠎ᠤ ᠲᠥᠯᠥᠭᠡᠯᠡᠭᠴᠢᠳ᠎ᠤᠨ ᠠᠩᠭᠢ᠂ ᠵᠢᠨᠢᠩ ᠲᠤᠭᠤᠷᠢᠭ᠎ᠤᠨ ᠲᠥᠯᠥᠭᠡᠯᠡᠭᠴᠢᠳ᠎ᠤᠨ ᠠᠩᠭᠢ᠂ ᠦᠶᠤᠸᠠᠨ ᠰᠢᠶᠠᠨ᠎ᠤ ᠲᠥᠯᠥᠭᠡᠯᠡᠭᠴᠢᠳ᠎ᠤᠨ ᠠᠩᠭᠢ ᠰᠢᠯᠢᠳᠡᠭ ᠵᠣᠬᠢᠶᠠᠨ ᠪᠦᠲᠦᠭᠡᠭᠰᠡᠨ ᠱᠠᠩᠨᠠᠯ ᠬᠦᠷᠲᠡᠪᠡ᠃



    ᠲᠣᠰ ᠤᠳᠠᠭ᠋ᠠᠨ᠎ᠤ ᠤᠷᠤᠯᠳᠤᠭ᠋ᠠᠨ᠎ᠤ ᠠᠵᠢᠯᠯᠠᠭ᠎ᠠ᠎ᠨᠢ ᠠᠭᠤᠳᠠᠮ ᠲᠠᠯᠠᠪᠠᠶ ᠵᠢᠨ ᠪᠥᠵᠢᠭ᠎ᠤᠨ ᠳᠤᠷ᠎ᠠ ᠪᠠᠭ᠍ᠠᠲᠠᠶ ᠬᠥᠮᠦᠰ᠎ᠲᠤ ᠰᠣᠯᠢᠯᠴᠠᠭ᠎ᠠ ᠰᠤᠷᠤᠯᠴᠠᠯᠭ᠎ᠠ᠂ ᠥᠪᠡᠷ᠎ᠢ᠎ᠪᠠᠨ ᠢᠯᠡᠷᠡᠭᠦᠯᠬᠦ ᠲᠠᠪᠴᠠᠩ ᠬᠠᠩᠭ᠋ᠠᠵᠤ᠂ ᠠᠷᠠᠳ ᠣᠯᠠᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ ᠬᠠᠯᠠᠭᠤᠨ ᠰᠡᠳᠬᠢᠯᠭᠡ ᠵᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠦᠷᠨᠢᠭᠦᠨ ᠠᠭᠤᠷ ᠠᠮᠢᠰᠬᠤᠯ᠎ᠢ ᠪᠣᠶ ᠪᠣᠯᠭ᠋ᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠬᠡ ᠪᠦᠮᠪᠦᠭᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ ᠪᠤᠭᠤᠳᠦ᠎ᠳᠤ ᠶᠠᠪᠤᠭᠳᠠᠪᠠ
ᠥᠪᠥᠷ ᠮᠣᠩᠭᠣᠯ᠎ᠤᠨ ᠭᠤᠷᠪᠠᠳᠤᠭ᠋ᠠᠷ ᠬᠤᠭᠤᠴᠠᠭ᠋ᠠᠨ᠎ᠤ ᠵᠢᠷᠤᠭ᠎ᠠ ᠮᠤᠷᠢᠨ᠎ᠤ ᠤᠷᠤᠯᠳᠤᠭ᠋ᠠᠨ ᠦᠨᠳᠦᠷᠯᠡᠪᠡ
ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠮᠣᠩᠭᠣᠯ ᠤᠯᠤᠰ᠎ᠤᠨ ᠤᠯᠠᠭ᠋ᠠᠨᠪᠠᠭ᠋ᠠᠲᠤᠷ᠎ᠲᠤ ᠡᠬᠢᠯᠡᠪᠡ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ᠎ᠬᠢᠨ ᠯᠢ ᠴᠢᠶᠠᠨ ᠶᠠᠩ ᠯᠢᠦ ᠵᠢ ᠬᠠᠯᠠᠭᠤᠨ ᠵᠶ᠋ᠠᠷ ᠤᠭᠳᠤᠪᠠ
 
            