7 ᠰᠠᠷ᠎ᠠ ᠵᠢᠨ 6᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠪᠦᠯᠬᠦᠮ᠎ᠤᠨ ᠪᠥᠬᠥ ᠭᠡᠰᠢᠭᠦᠳ ᠰᠢᠨᠵᠢᠶᠠᠩ᠎ᠤᠨ ᠢᠯᠢ ᠵᠢᠨ ᠬᠠᠰᠠᠭ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠦ ᠵᠢᠨ ᠵᠣᠣ ᠰᠦ᠍ ᠰᠢᠶᠠᠨ᠎ᠳᠤ ᠴᠤᠭᠯᠠᠷᠠᠬᠤ ᠵᠢᠨ ᠬᠠᠮᠲᠤ ᠲᠣᠰ ᠡᠳᠦᠷ᠎ᠤᠨ ᠦᠳᠡ ᠵᠢᠨ ᠬᠣᠢ᠌ᠨ᠎ᠠ ᠪᠥᠬᠥᠳᠡ ᠬᠤᠷᠠᠯ ᠬᠤᠷᠠᠯᠳᠤᠭᠤᠯᠵᠤ᠂ ᠮᠣᠷᠢᠨ ᠤᠷᠤᠯᠳᠤᠭ᠋ᠠᠨ᠎ᠤ ᠲᠥᠷᠥᠯ ᠵᠦᠢ᠍ᠯ᠎ᠤᠨ ᠬᠤᠪᠢᠶᠠᠷᠢ ᠲᠠᠯᠠᠪᠠᠢ ᠵᠢᠨ ᠤᠷᠤᠯᠳᠤᠭ᠋ᠠᠨ᠎ᠤ ᠠᠵᠢᠯ᠎ᠢ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠡᠷᠬᠢᠯᠡᠭᠴᠢ ᠺᠠᠩ ᠢᠦᠢ ᠹᠸᠩ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠬᠤᠷᠠᠯ᠎ᠳᠤ ᠣᠷᠣᠯᠴᠠᠪᠠ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠳᠠᠢ᠌ᠴᠢᠯᠠᠯᠲᠠ ᠵᠢᠨ ᠶᠠᠷᠢᠶ᠎ᠠ ᠲᠠᠯᠪᠢᠪᠠ᠃ ᠲᠡᠷᠡ ᠤᠷᠤᠯᠳᠤᠭ᠋ᠠᠨ᠎ᠳᠤ ᠣᠷᠣᠯᠴᠠᠭᠰᠠᠨ ᠪᠦᠬᠦ ᠬᠥᠮᠥᠰ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠪᠣᠯᠪᠠᠰᠤᠨ ᠵᠶ᠋ᠠᠷ ᠤᠷᠤᠯᠳᠤᠭ᠋ᠠᠨ᠎ᠳᠤ ᠣᠷᠣᠯᠴᠠᠵᠤ᠂ ᠠᠮᠤᠷ ᠲᠦᠪᠰᠢᠨ᠎ᠢ ᠳᠡᠭᠡᠳᠦᠯᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠰᠢᠯᠢᠳᠡᠭ ᠬᠢᠷᠢ ᠪᠦᠲᠦᠮᠵᠢ ᠣᠯᠬᠤ᠎ᠪᠠᠷ ᠪᠠᠷᠠᠬᠤ ᠦᠭᠡᠢ ᠪᠠᠰᠠ ᠰᠢᠯᠢᠳᠡᠭ ᠰᠠᠢ᠌ᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠪᠣᠯᠣᠨ ᠶᠣᠰᠣ ᠰᠤᠷᠲᠠᠬᠤᠨ᠎ᠤ ᠬᠡᠪ ᠨᠠᠮᠪᠠ ᠵᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠡᠷᠬᠢᠯᠡᠭᠴᠢ ᠺᠠᠩ ᠢᠦᠢ ᠹᠧᠩ ᠬᠤᠪᠢᠶᠠᠷᠢ ᠲᠠᠯᠠᠪᠠᠢ ᠵᠢᠨ ᠡᠯ᠎ᠡ ᠵᠦᠢ᠍ᠯ᠎ᠤᠨ ᠤᠷᠤᠯᠳᠤᠭ᠋ᠠᠨ᠎ᠳᠤ ᠣᠷᠣᠯᠴᠠᠬᠤ ᠲᠤᠬᠠᠢ ᠭᠤᠷᠪᠠᠨ ᠱᠠᠭ᠋ᠠᠷᠳᠠᠯᠭ᠎ᠠ ᠳᠤᠷᠠᠳᠴᠠᠢ᠃ ᠨᠢᠭᠡ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠤᠢ ᠪᠣᠯᠭ᠋ᠠᠬᠤ ᠡᠨᠡᠬᠦ ᠠᠵᠢᠯ᠎ᠤᠨ ᠭᠣᠣᠯ ᠰᠢᠵᠢᠮ᠎ᠲᠠᠢ ᠨᠢᠭᠲᠠ ᠤᠶᠠᠯᠳᠤᠭᠤᠯᠵᠤ᠂ ᠲᠡᠭᠦᠨ᠎ᠢ ᠤᠷᠤᠯᠳᠤᠭ᠋ᠠᠨ᠎ᠤ ᠠᠵᠢᠯ᠎ᠤᠨ ᠪᠦᠬᠦ ᠶᠠᠪᠤᠴᠠ᠂ ᠡᠯ᠎ᠡ ᠭᠣᠭᠴᠣᠭ᠎ᠠ᠎ᠳᠤ ᠲᠤᠭᠤᠰᠢᠯᠠᠭᠤᠯᠬᠤ ᠬᠡᠷᠡᠭᠲᠡᠢ; ᠬᠣᠶᠠᠷ᠎ᠲᠤ᠂ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠪᠣᠯᠪᠠᠰᠤᠨ ᠵᠶ᠋ᠠᠷ ᠤᠷᠤᠯᠳᠤᠭ᠋ᠠᠨ᠎ᠳᠤ ᠣᠷᠣᠯᠴᠠᠬᠤ ᠰᠢᠨ᠎ᠡ ᠰᠤᠷᠲᠠᠯ᠎ᠢ ᠪᠤᠢ ᠪᠣᠯᠭ᠋ᠠᠵᠤ᠂ ᠥᠪᠥᠷ ᠮᠣᠩᠭᠣᠯ᠎ᠤᠨ ᠲᠠᠮᠢᠷᠴᠢᠳ᠎ᠤᠨ ᠰᠠᠢ᠌ᠨ ᠰᠠᠢ᠌ᠬᠠᠨ ᠳᠦᠷᠢ ᠲᠥᠷᠬᠦ ᠵᠢ ᠢᠯᠡᠷᠡᠭᠦᠯᠬᠦ ᠬᠡᠷᠡᠭᠲᠡᠢ; ᠭᠤᠷᠪᠠ᠎ᠳᠤ ᠰᠣᠨᠢᠨ ᠮᠡᠳᠡᠭᠡᠯᠡᠯ ᠤᠬᠠᠭᠤᠯᠭ᠎ᠠ ᠵᠢᠨ ᠠᠵᠢᠯ᠎ᠢ ᠴᠢᠩᠭ᠋ᠠᠳᠬᠠᠵᠤ᠂ ᠡᠷᠡᠭᠦᠯ ᠪᠥᠭᠡᠳ ᠡᠶ᠎ᠡ ᠵᠣᠬᠢᠴᠠᠯ᠎ᠲᠠᠢ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠢᠳᠡᠪᠬᠢᠲᠡᠢ᠎ᠪᠠᠷ ᠪᠤᠢ ᠪᠣᠯᠭ᠋ᠠᠬᠤ ᠬᠡᠷᠡᠭᠲᠡᠢ᠃

ᠮᠠᠨ᠎ᠤ ᠣᠷᠣᠨ ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠬᠤᠪᠢᠶᠠᠷᠢ ᠲᠠᠯᠠᠪᠠᠢ ᠵᠢᠨ ᠦᠨᠳᠦᠰᠦᠲᠡᠨ᠎ᠤ ᠮᠣᠷᠢᠨ ᠮᠡᠷᠭᠡᠵᠢᠯ᠎ᠤᠨ ᠤᠷᠤᠯᠳᠤᠭ᠋ᠠᠨ ᠪᠠ ᠲᠡᠮᠡᠭᠡᠨ ᠪᠥᠮᠪᠥᠭᠡ᠂ ᠮᠣᠷᠢᠨ ᠳᠡᠭᠡᠷᠡᠬᠢ ᠤᠷ᠎ᠠ ᠮᠡᠷᠭᠡᠵᠢᠯ ᠵᠡᠷᠭᠡ 2 ᠲᠣᠭᠯᠠᠯᠲᠠ ᠵᠢᠨ ᠲᠦᠷᠦᠯ ᠵᠦᠢ᠍ᠯ᠎ᠳᠤ ᠣᠷᠣᠯᠴᠠᠬᠤ᠎ᠪᠠᠷ ᠪᠤᠢ᠃