ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠮᠣᠩᠭᠣᠯ ᠤᠯᠤᠰ᠎ᠤᠨ ᠤᠯᠠᠭ᠋ᠠᠨᠪᠠᠭ᠋ᠠᠲᠤᠷ᠎ᠲᠤ ᠡᠬᠢᠯᠡᠪᠡ
ᠨᠡᠶ᠋ᠢᠲᠡᠯᠡᠭᠰᠡᠨ ᠴᠠᠭ᠄ 2024-08-07

    8 ᠰᠠᠷ᠎ᠠ ᠵᠢᠨ 6᠎ᠤ ᠡᠳᠦᠷ᠂ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠮᠣᠩᠭᠣᠯ ᠤᠯᠤᠰ᠎ᠤᠨ ᠤᠯᠠᠭ᠋ᠠᠨᠪᠠᠭ᠋ᠠᠲᠤᠷ᠎ᠲᠤ ᠡᠬᠢᠯᠡᠪᠡ᠃


    ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠬᠦᠨᠳᠦ ᠬᠥᠩᠭᠡᠨ ᠪᠡᠶ᠎ᠡ ᠵᠢᠨ ᠲᠠᠮᠢᠷ᠂ ᠵᠢᠣᠳᠣᠣ᠂ ᠪᠥᠬᠡ᠂ ᠨᠢᠳᠤᠷᠭ᠋ᠠᠨ ᠲᠡᠮᠡᠴᠡᠭᠡᠨ᠂ ᠫᠢᠩᠫᠠᠩ ᠪᠥᠮᠪᠥᠭᠡ᠂ ᠰᠤᠷ ᠬᠠᠷᠪᠤᠯᠲᠠ᠂ ᠬᠥᠯ ᠪᠥᠮᠪᠥᠭᠡ᠂ ᠰᠠᠭᠰᠤᠨ ᠪᠥᠮᠪᠥᠭᠡ᠂ ᠠᠯᠠᠭ᠋ᠠᠳᠠᠬᠤ ᠪᠥᠮᠪᠥᠭᠡ ᠵᠡᠷᠭᠡ 9 ᠲᠣᠮᠣ ᠤᠷᠤᠯᠳᠤᠭ᠋ᠠᠨ᠎ᠤ ᠵᠦᠢ᠍ᠯ᠎ᠢ ᠲᠣᠬᠢᠷᠠᠭᠤᠯᠵᠤ᠂ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ 700 ᠭᠠᠷᠤᠢ ᠲᠠᠮᠢᠷᠴᠢᠳ ᠤᠷᠤᠯᠳᠤᠭ᠋ᠠᠨ᠎ᠳᠤ ᠣᠷᠣᠯᠴᠠᠬᠤ᠎ᠪᠠᠷ ᠪᠠᠢ᠌ᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 153 ᠬᠥᠮᠥᠨ ᠲᠣᠮᠢᠯᠠᠨ ᠪᠥᠬᠥ ᠲᠥᠷᠥᠯ ᠵᠦᠢ᠍ᠯ᠎ᠤᠨ ᠤᠷᠤᠯᠳᠤᠭ᠋ᠠᠨ᠎ᠳᠤ ᠣᠷᠣᠯᠴᠠᠭᠤᠯᠵᠤ᠂ ᠢᠷᠡᠬᠦ ᠳᠥᠷᠪᠡᠨ ᠡᠳᠦᠷ᠎ᠲᠤ ᠣᠷᠣᠰ ᠮᠣᠩᠭᠣᠯ᠎ᠤᠨ ᠵᠠᠯᠠᠭᠤᠴᠤᠳ ᠪᠠᠭ᠋ᠠᠴᠤᠳ᠎ᠲᠠᠢ ᠰᠣᠯᠢᠯᠴᠠᠭ᠎ᠠ᠎ᠪᠠᠨ ᠴᠢᠩᠭ᠋ᠠᠳᠬᠠᠨ᠂ ᠨᠥᠬᠥᠷᠯᠡᠯ ᠵᠶ᠋ᠡᠨ ᠵᠤᠵᠠᠭ᠋ᠠᠳᠬᠠᠵᠤ᠂ ᠤᠷᠤᠯᠳᠤᠭ᠋ᠠᠨ᠎ᠤ ᠬᠢᠷᠢ ᠬᠡᠮᠵᠢᠶ᠎ᠡ᠎ᠪᠠᠨ ᠬᠠᠮᠲᠤ᠎ᠪᠠᠷ ᠳᠡᠭᠡᠭᠰᠢᠯᠡᠭᠦᠯᠵᠦ᠂ ᠪᠡᠶ᠎ᠡ ᠵᠢᠨ ᠲᠠᠮᠢᠷ᠎ᠤᠨ ᠰᠣᠯᠢᠯᠴᠠᠭ᠋ᠠᠨ᠎ᠤ ᠪᠠᠶᠠᠷᠲᠤ ᠠᠶᠠᠰ᠎ᠢ ᠬᠠᠩᠭᠢᠨᠠᠭᠤᠯᠤᠨ᠎ᠠ᠃


    ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ 2008 ᠣᠨ᠎ᠳᠤ ᠳᠤᠮᠳᠠᠳᠤ ᠮᠣᠩᠭᠣᠯ ᠣᠷᠣᠰ ᠭᠤᠷᠪᠠᠨ ᠤᠯᠤᠰ ᠬᠠᠮᠲᠤᠷᠠᠨ ᠡᠷᠭᠢᠯᠡᠵᠦ᠂ ᠵᠢᠯ ᠪᠦᠷᠢ ᠨᠢᠭᠡ ᠤᠳᠠᠭ᠎ᠠ ᠡᠷᠭᠢᠯᠡᠵᠦ᠂ ᠭᠤᠷᠪᠠᠨ ᠤᠯᠤᠰ᠎ᠲᠤ ᠡᠭᠡᠯᠵᠢᠯᠡᠨ ᠡᠷᠭᠢᠯᠡᠬᠦ᠎ᠪᠠᠷ ᠲᠤᠭᠳᠠᠵᠦ᠂ ᠬᠥᠷᠰᠢ ᠵᠡᠷᠭᠡᠯᠡᠳᠡᠭᠡ ᠭᠤᠷᠪᠠᠨ ᠤᠯᠤᠰ᠎ᠤᠨ ᠪᠡᠶ᠎ᠡ ᠵᠢᠨ ᠲᠠᠮᠢᠷ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠠᠬᠢᠭᠤᠯᠵᠤ᠂ ᠵᠠᠯᠠᠭᠤᠴᠤᠳ ᠪᠠᠭ᠋ᠠᠴᠤᠳ᠎ᠤᠨ ᠬᠣᠭᠣᠷᠣᠨᠳᠣᠬᠢ ᠨᠥᠬᠥᠷᠯᠡᠯ ᠪᠠ ᠣᠢ᠌ᠯᠠᠭ᠋ᠠᠯᠴᠠᠭ᠎ᠠ ᠵᠢ ᠨᠡᠮᠡᠭᠳᠡᠭᠦᠯᠦᠨ᠂ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠵᠦ᠂ ᠤᠷᠤᠯᠳᠤᠭ᠋ᠠᠨ᠎ᠤ ᠬᠢᠷᠢ ᠲᠦᠪᠰᠢᠨ᠎ᠢ ᠬᠠᠮᠲᠤ᠎ᠪᠠᠷ ᠳᠡᠭᠡᠭᠰᠢᠯᠡᠭᠦᠯᠬᠦ ᠵᠢᠨ ᠲᠥᠯᠥᠭᠡ ᠡᠷᠬᠢᠯᠡᠵᠦ ᠪᠤᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ᠎ᠬᠢᠨ ᠯᠢ ᠴᠢᠶᠠᠨ ᠶᠠᠩ ᠯᠢᠦ ᠵᠢ ᠬᠠᠯᠠᠭᠤᠨ ᠵᠶ᠋ᠠᠷ ᠤᠭᠳᠤᠪᠠ
ᠠᠩᠬᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ (ᠤᠮᠠᠷᠠᠲᠤ ᠣᠷᠣᠨ) ᠦᠨᠳᠦᠷᠯᠡᠵᠦ ᠮᠠᠨ᠎ᠤ ᠣᠷᠣᠨ 《ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠱᠠᠩᠨᠠᠯ》 ᠪᠠ 《ᠬᠠᠮᠤᠭ᠎ᠤᠨ ᠰᠢᠯᠢᠳᠡᠭ ᠤᠷᠤᠯᠳᠤᠭ᠋ᠠᠨ᠎ᠤ ᠲᠣᠭᠤᠷᠢᠭ》᠎ᠤᠨ ᠢᠷᠠᠭᠤ ᠠᠯᠳᠠᠷ ᠭᠥᠷᠳᠡᠪᠡ
2024 ᠣᠨ᠎ᠤ ᠪᠥᠬᠦ ᠤᠯᠤᠰ᠎ᠤᠨ ᠵᠢᠦᠳᠣᠣ ᠵᠢᠨ ᠬᠤᠪᠢ ᠲᠡᠮᠳᠡᠭᠯᠡᠬᠦ ᠤᠷᠤᠯᠳᠤᠭ᠋ᠠᠨ᠎ᠤ ᠠᠷᠤ ᠬᠤᠷᠴᠢᠨ ᠥᠷᠲᠡᠭᠡ ᠵᠢᠨ ᠤᠷᠤᠯᠳᠤᠭ᠋ᠠᠨ᠎ᠳᠤ ᠥᠪᠥᠷ ᠮᠣᠩᠭᠤᠯ᠎ᠤᠨ ᠠᠩᠭᠢ 2 ᠠᠯᠲᠠᠨ ᠮᠧᠳᠠᠯ 3 ᠮᠥᠩᠭᠦᠨ ᠮᠧᠳᠠᠯ 5 ᠬᠦᠷᠡᠯ ᠮᠧᠳᠠᠯ ᠬᠦᠷᠳᠡᠪᠡ
ᠥᠪᠥᠷ ᠮᠣᠩᠭᠤᠯ᠎ᠤᠨ ᠪᠠᠭ 2024 ᠣᠨ᠎ᠤ ᠪᠥᠬᠦ ᠤᠯᠤᠰ᠎ᠤᠨ ᠡᠷᠡᠭᠲᠡᠶ ᠵᠢᠨ ᠪᠤᠶ᠋ᠢᠺᠤ ᠪᠥᠮᠪᠦᠭᠡ ᠵᠢᠨ ᠮᠠᠩᠯᠠᠶ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠩᠯᠠᠶ᠋ᠢᠯᠠᠪᠠ
 
            