ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ ᠭᠤᠷᠪᠠᠳᠤᠭ᠋ᠠᠷ ᠬᠤᠭᠤᠴᠠᠭ᠋ᠠᠨ᠎ᠤ ᠵᠢᠷᠤᠭ᠎ᠠ ᠮᠤᠷᠢᠨ᠎ᠤ ᠤᠷᠤᠯᠳᠤᠭ᠋ᠠᠨ ᠦᠨᠳᠦᠷᠯᠡᠪᠡ
ᠨᠡᠶ᠋ᠢᠲᠡᠯᠡᠭᠰᠡᠨ ᠴᠠᠭ᠄ 2024-08-06

    8 ᠰᠠᠷ᠎ᠠ ᠵᠢᠨ 3 — 4᠎ᠤ ᠡᠳᠦᠷ᠂ ᠥᠪᠥᠷ ᠮᠣᠩᠭᠣᠯ᠎ᠤᠨ ᠭᠤᠷᠪᠠᠳᠤᠭ᠋ᠠᠷ ᠬᠤᠭᠤᠴᠠᠭ᠋ᠠᠨ᠎ᠤ ᠵᠢᠷᠣᠭ᠎ᠠ ᠮᠣᠷᠢᠨ᠎ᠤ ᠶᠡᠬᠡ ᠤᠷᠤᠯᠳᠤᠭ᠋ᠠᠨ ᠣᠷᠳᠣᠰ ᠬᠣᠲᠠ ᠵᠢᠨ ᠦᠦᠰᠢᠨ ᠬᠤᠰᠢᠭᠤᠨ᠎ᠳᠤ ᠦᠨᠳᠦᠷᠯᠡᠪᠡ᠃ ᠤᠷᠤᠯᠳᠤᠭ᠋ᠠᠨ᠎ᠢ ᠳᠤᠮᠳᠠᠳᠤ ᠤᠯᠤᠰ᠎ᠤᠨ ᠮᠣᠷᠢᠨ ᠮᠡᠷᠭᠡᠵᠢᠯ᠎ᠤᠨ ᠨᠡᠢ᠌ᠭᠡᠮᠯᠢᠭ᠎ᠠᠴᠠ ᠲᠡᠮᠵᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠶᠡᠷᠦᠩᠬᠡᠢ ᠨᠡᠢ᠌ᠭᠡᠮᠯᠢᠭ᠎ᠠᠴᠠ ᠵᠢᠯᠤᠭᠣᠳᠴᠤ᠂ ᠦᠦᠰᠢᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠷᠢᠨ ᠮᠡᠷᠭᠡᠵᠢᠯ᠎ᠤᠨ ᠨᠡᠢ᠌ᠭᠡᠮᠯᠢᠭ᠎ᠠᠴᠠ ᠭᠣᠣᠯᠯᠠᠨ ᠡᠷᠬᠢᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠦᠰᠢᠨ ᠬᠣᠰᠢᠭᠤᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠦᠦᠰᠢᠨ ᠬᠣᠰᠢᠭᠤᠨ᠎ᠤ ᠰᠣᠶᠣᠯ ᠪᠠ ᠵᠤᠭ᠋ᠠᠴᠠᠯ᠎ᠤᠨ ᠲᠣᠪᠴᠢᠶ᠎ᠠ᠂ ᠦᠦᠰᠢᠨ ᠬᠣᠰᠢᠭᠤᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠠᠴᠠ ᠲᠠᠭ᠋ᠠᠭ᠋ᠠᠴᠢᠯᠠᠨ ᠡᠷᠬᠢᠯᠡᠵᠦ᠂ ᠦᠦᠰᠢᠨ ᠬᠣᠰᠢᠭᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠥᠪ ᠪᠣᠯᠣᠨ ᠦᠦᠰᠢᠨ ᠬᠣᠰᠢᠭᠤᠨ᠎ᠤ ᠵᠢᠷᠣᠭ᠎ᠠ ᠮᠣᠷᠢᠨ᠎ᠤ ᠨᠡᠢ᠌ᠭᠡᠮᠯᠢᠭ᠎ᠠᠴᠠ ᠬᠠᠮᠵᠢᠨ ᠡᠷᠬᠢᠯᠡᠪᠡ᠃


    ᠲᠣᠰ ᠤᠳᠠᠭ᠋ᠠᠨ᠎ᠤ ᠤᠷᠤᠯᠳᠤᠭ᠋ᠠᠨ᠎ᠳᠤ ᠠᠰ ᠵᠠᠮ᠎ᠤᠨ 300 ᠮᠸᠲᠷ᠎ᠤᠨ 1.4 ᠮᠧᠲᠷ᠎ᠠᠴᠠ ᠪᠤᠭᠤᠨᠢ ᠵᠢᠷᠤᠭ᠎ᠠ ᠮᠤᠷᠢᠨ᠎ᠤ ᠤᠷᠤᠯᠳᠤᠭ᠋ᠠᠨ᠂ 1.4 ᠮᠸᠲᠷ᠎ᠠᠴᠠ ᠦᠨᠳᠦᠷ ᠵᠢᠷᠤᠭ᠎ᠠ ᠮᠤᠷᠢᠨ᠎ᠤ ᠤᠷᠤᠯᠳᠤᠭ᠋ᠠᠨ᠂ ᠡᠮᠡᠭᠳᠡᠢ ᠤᠨᠤᠭ᠋ᠠᠴᠢ ᠵᠢᠨ ᠵᠢᠷᠤᠭ᠎ᠠ ᠮᠤᠷᠢᠨ᠎ᠤ ᠤᠷᠤᠯᠳᠤᠭ᠋ᠠᠨ᠂ 1.35 ᠮᠧᠲᠷ᠎ᠠᠴᠠ ᠪᠤᠭᠤᠨᠢ ᠵᠢᠷᠣᠭ᠎ᠠ ᠮᠤᠷᠢᠨ᠎ᠤ ᠤᠷᠤᠯᠳᠤᠭ᠋ᠠᠨ ᠭᠡᠬᠦ ᠳᠥᠷᠪᠡᠨ ᠵᠦᠢ᠍ᠯ᠎ᠢ ᠲᠣᠬᠢᠷᠠᠭᠤᠯᠪᠠ᠃ ᠬᠥᠬᠡᠨᠠᠭᠤᠷ᠂ ᠭᠠᠨᠰᠤ᠂ ᠢᠷᠭ᠋ᠠᠢ᠂ ᠥᠪᠥᠷ ᠮᠣᠩᠭᠣᠯ᠎ᠤᠨ 400 ᠭᠠᠷᠤᠢ ᠤᠨᠤᠭ᠋ᠠᠴᠢ ᠵᠢᠷᠤᠭ᠎ᠠ ᠮᠤᠷᠢ᠎ᠲᠠᠢ᠎ᠪᠠᠨ ᠤᠷᠤᠯᠳᠤᠭ᠋ᠠᠨ᠎ᠳᠤ ᠣᠷᠣᠯᠴᠠᠭᠰᠠᠨ ᠪᠠᠢ᠌ᠨ᠎ᠠ᠃


    ᠲᠣᠰ ᠤᠳᠠᠭ᠋ᠠᠨ᠎ᠤ ᠤᠷᠤᠯᠳᠤᠭ᠋ᠠᠨ᠎ᠨᠢ ᠣᠯᠠᠨ ᠲᠦᠮᠡᠨ᠎ᠳᠤ ᠦᠦᠰᠢᠨ ᠵᠢᠷᠤᠭ᠎ᠠ ᠮᠣᠷᠢᠨ᠎ᠤ ᠤᠷᠤᠯᠳᠤᠭ᠋ᠠᠨ᠎ᠤ ᠠᠯᠳᠠᠷ ᠨᠡᠷ᠎ᠡ ᠵᠢ ᠨᠠᠩ ᠭᠦᠨᠵᠡᠭᠡᠢ ᠣᠢ᠌ᠯᠠᠭ᠋ᠠᠭᠤᠯᠤᠭᠰᠠᠨ ᠵᠶ᠋ᠠᠷ ᠪᠠᠷᠠᠬᠤ ᠦᠭᠡᠢ᠂ ᠤᠷᠤᠯᠳᠤᠭ᠋ᠠᠨ᠎ᠳᠤ ᠣᠷᠣᠯᠴᠠᠭᠰᠠᠨ ᠤᠨᠤᠭ᠋ᠠᠴᠢ ᠵᠢᠨ ᠬᠣᠭᠣᠷᠣᠨᠳᠣᠬᠢ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ ᠴᠢᠩᠭ᠋ᠠᠳᠬᠠᠵᠤ᠂   ᠠᠳᠤᠭᠤᠨ ᠰᠣᠶᠣᠯ᠎ᠢ ᠤᠯᠠᠮ ᠨᠢᠭᠡ ᠠᠯᠬᠤᠮ ᠳᠡᠯᠭᠡᠷᠡᠭᠦᠯᠦᠨ ᠲᠦᠭᠡᠮᠡᠯᠵᠢᠭᠦᠯᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠮᠣᠩᠭᠣᠯ ᠤᠯᠤᠰ᠎ᠤᠨ ᠤᠯᠠᠭ᠋ᠠᠨᠪᠠᠭ᠋ᠠᠲᠤᠷ᠎ᠲᠤ ᠡᠬᠢᠯᠡᠪᠡ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ᠎ᠬᠢᠨ ᠯᠢ ᠴᠢᠶᠠᠨ ᠶᠠᠩ ᠯᠢᠦ ᠵᠢ ᠬᠠᠯᠠᠭᠤᠨ ᠵᠶ᠋ᠠᠷ ᠤᠭᠳᠤᠪᠠ
ᠠᠩᠬᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ (ᠤᠮᠠᠷᠠᠲᠤ ᠣᠷᠣᠨ) ᠦᠨᠳᠦᠷᠯᠡᠵᠦ ᠮᠠᠨ᠎ᠤ ᠣᠷᠣᠨ 《ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠱᠠᠩᠨᠠᠯ》 ᠪᠠ 《ᠬᠠᠮᠤᠭ᠎ᠤᠨ ᠰᠢᠯᠢᠳᠡᠭ ᠤᠷᠤᠯᠳᠤᠭ᠋ᠠᠨ᠎ᠤ ᠲᠣᠭᠤᠷᠢᠭ》᠎ᠤᠨ ᠢᠷᠠᠭᠤ ᠠᠯᠳᠠᠷ ᠭᠥᠷᠳᠡᠪᠡ
2024 ᠣᠨ᠎ᠤ ᠪᠥᠬᠦ ᠤᠯᠤᠰ᠎ᠤᠨ ᠵᠢᠦᠳᠣᠣ ᠵᠢᠨ ᠬᠤᠪᠢ ᠲᠡᠮᠳᠡᠭᠯᠡᠬᠦ ᠤᠷᠤᠯᠳᠤᠭ᠋ᠠᠨ᠎ᠤ ᠠᠷᠤ ᠬᠤᠷᠴᠢᠨ ᠥᠷᠲᠡᠭᠡ ᠵᠢᠨ ᠤᠷᠤᠯᠳᠤᠭ᠋ᠠᠨ᠎ᠳᠤ ᠥᠪᠥᠷ ᠮᠣᠩᠭᠤᠯ᠎ᠤᠨ ᠠᠩᠭᠢ 2 ᠠᠯᠲᠠᠨ ᠮᠧᠳᠠᠯ 3 ᠮᠥᠩᠭᠦᠨ ᠮᠧᠳᠠᠯ 5 ᠬᠦᠷᠡᠯ ᠮᠧᠳᠠᠯ ᠬᠦᠷᠳᠡᠪᠡ
 
            