
7 ᠰᠠᠷ᠎ᠠ ᠵᠢᠨ 29᠎ᠤ ᠣᠷᠣᠢ ᠵᠢᠨ 8᠄ 00 ᠴᠠᠭ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠬᠡ ᠪᠦᠮᠪᠦᠭᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠦᠪ᠎ᠲᠤ ᠶᠠᠪᠤᠭᠳᠠᠪᠠ᠃ ᠪᠤᠭᠤᠲᠤ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠵᠠᠩ ᠪᠢᠨ ᠪᠠᠶᠠᠷ᠎ᠤᠨ ᠦᠭᠡ ᠬᠡᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠯᠢ ᡁᠢ ᠶᠢᠤ ᠡᠬᠢᠯᠡᠯᠲᠡ ᠵᠢᠨ ᠶᠣᠰᠣᠯᠠᠯ ᠡᠬᠢᠯᠡᠭᠰᠡᠨ᠎ᠢ ᠵᠠᠷᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠪᠤᠭᠤᠲᠤ ᠬᠤᠳᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ᠂ ᠪᠤᠭᠤᠲᠤ ᠬᠤᠳᠠ ᠵᠢᠨ ᠰᠤᠷᠭ᠋ᠠᠨ ᠬᠥᠮᠦᠵᠢᠯ᠎ᠤᠨ ᠲᠤᠪᠴᠢᠶ᠎ᠠ ᠵᠢᠨ ᠬᠠᠮᠢᠶ᠎ᠡ ᠪᠦᠬᠦᠢ ᠤᠳᠤᠷᠢᠳᠤᠯᠭ᠎ᠠ ᠡᠬᠢᠯᠡᠯᠳᠡ ᠵᠢᠨ ᠶᠤᠰᠤᠯᠠᠯ᠎ᠳᠤ ᠤᠷᠤᠯᠴᠠᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠬᠡ ᠪᠥᠮᠪᠥᠭᠡ ᠵᠢᠨ ᠲᠠᠮᠢᠷ᠎ᠤᠨ ᠴᠤᠭᠯᠠᠭ᠋ᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠣᠣᠯᠯᠠᠨ ᠡᠷᠭᠢᠯᠡᠵᠦ᠂ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠲᠠᠭ᠋ᠠᠭ᠋ᠠᠴᠢᠯᠠᠨ ᠡᠷᠬᠢᠯᠡᠪᠡ᠃ ᠡᠬᠢᠯᠡᠯᠲᠡ ᠵᠢᠨ ᠶᠣᠰᠣᠯᠠᠯ᠎ᠠᠴᠠ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠬᠡ ᠪᠥᠮᠪᠥᠭᠡ ᠵᠢᠨ ᠲᠠᠮᠢᠷ᠎ᠤᠨ ᠴᠤᠭᠯᠠᠭ᠋ᠠᠨ᠎ᠤ ᠬᠥᠯ ᠪᠥᠮᠪᠥᠭᠡ ᠵᠢᠨ ᠤᠷᠤᠯᠳᠤᠭ᠋ᠠᠨ 7 ᠰᠠᠷ᠎ᠠ ᠵᠢᠨ 22 — 27 ᠤ ᠡᠳᠦᠷ᠂ ᠪᠤᠭᠤᠲᠤ ᠬᠤᠳᠠ ᠵᠢᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠴᠡᠴᠡᠷᠯᠢᠭ᠎ᠤᠨ ᠬᠥᠯ ᠪᠥᠮᠪᠥᠭᠡ ᠵᠢᠨ ᠲᠠᠯᠠᠪᠤᠷ᠎ᠲᠤ ᠠᠮᠵᠢᠯᠳᠠ᠎ᠲᠠᠢ ᠦᠨᠳᠦᠷᠯᠡᠪᠡ; ᠠᠯᠠᠭ᠋ᠠᠳᠠᠬᠤ ᠪᠥᠮᠪᠥᠭᠡ ᠵᠢᠨ ᠤᠷᠤᠯᠳᠤᠭ᠋ᠠᠨ 7 ᠰᠠᠷ᠎ᠠ ᠵᠢᠨ 26 — 31᠎ᠤ ᠡᠳᠦᠷ᠂ ᠪᠤᠭᠤᠲᠤ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠠᠯᠠᠭ᠋ᠠᠳᠠᠬᠤ ᠪᠥᠮᠪᠥᠭᠡ ᠵᠢᠨ ᠣᠷᠳᠣᠨ᠎ᠳᠤ ᠶᠠᠪᠤᠭᠳᠠᠪᠠ; ᠰᠠᠭᠰᠤᠨ ᠪᠥᠮᠪᠥᠭᠡ ᠵᠢᠨ ᠲᠦᠷᠦᠯ ᠵᠦᠢ᠍ᠯ᠎ᠤᠨ ᠤᠷᠤᠯᠳᠤᠭ᠋ᠠᠨ 7 ᠰᠠᠷ᠎ᠠ ᠵᠢᠨ 29 ᠤ ᠡᠳᠦᠷ᠎ᠠᠴᠠ 8 ᠰᠠᠷ᠎ᠠ ᠵᠢᠨ 4 ᠤ ᠡᠳᠦᠷ ᠪᠣᠯᠲᠠᠯ᠎ᠠ᠂ ᠪᠤᠭᠤᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠰᠠᠭᠰᠤᠨ ᠪᠥᠮᠪᠥᠭᠡ ᠵᠢᠨ ᠣᠷᠳᠣᠨ᠎ᠳᠤ ᠶᠠᠪᠤᠭᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠬᠡ ᠪᠥᠮᠪᠥᠭᠡ ᠵᠢᠨ ᠲᠠᠮᠢᠷ᠎ᠤᠨ ᠴᠤᠭᠯᠠᠭ᠋ᠠᠨ᠎ᠳᠤ ᠪᠦᠬᠦ ᠣᠷᠣᠨ᠎ᠤ ᠡᠯ᠎ᠡ ᠠᠢ᠌ᠮᠠᠭ ᠬᠤᠳᠠ ᠵᠢᠨ ᠳᠠᠭ᠋ᠠᠭᠤᠯᠤᠭᠴᠢ᠂ ᠳᠠᠰᠬᠠᠯᠵᠢᠭᠤᠯᠤᠭᠴᠢ ᠪᠣᠯᠣᠨ ᠲᠠᠮᠢᠷᠴᠢᠳ ᠨᠡᠢ᠌ᠳᠡ 1500 ᠭᠠᠷᠤᠢ ᠬᠦᠮᠦᠨ ᠣᠷᠣᠯᠴᠠᠵᠠᠢ᠃

ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠩᠬᠠᠳᠤᠭ᠋ᠠᠷ ᠬᠤᠭᠤᠴᠠᠭ᠋ᠠᠨ᠎ᠤ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠬᠡ ᠪᠥᠮᠪᠥᠭᠡ ᠵᠢᠨ ᠲᠠᠮᠢᠷ᠎ᠤᠨ ᠴᠤᠭᠯᠠᠭ᠋ᠠᠨ 2024 ᠣᠨ᠎ᠤ 11 ᠰᠠᠷ᠎ᠠ ᠵᠢᠨ ᠰᠡᠭᠦᠯᠴᠢ᠎ᠠᠴᠠ 12 ᠰᠠᠷ᠎ᠠ ᠵᠢᠨ ᠡᠬᠢ ᠪᠣᠯᠲᠠᠯ᠎ᠠ ᠬᠤᠨᠠᠨ᠎ᠳᠤ ᠶᠠᠪᠤᠭᠳᠠᠬᠤ ᠪᠣᠯᠣᠨ᠎ᠠ᠂ ᠡᠨᠡ ᠪᠣᠯ ᠮᠠᠨ᠎ᠤ ᠤᠯᠤᠰ᠎ᠤᠨ ᠠᠩᠬ᠎ᠠ ᠤᠳᠠᠭ᠎ᠠ ᠪᠠᠢ᠌ᠭᠤᠯᠤᠭᠰᠠᠨ ᠭᠤᠷᠪᠠᠨ ᠶᠡᠬᠡ ᠪᠥᠮᠪᠥᠭᠡ᠎ᠳᠤ ᠵᠣᠷᠢᠭᠤᠯᠤᠭᠰᠠᠨ ᠵᠠᠯᠠᠭᠤᠴᠤᠳ ᠪᠠᠭ᠋ᠠᠴᠤᠳ᠎ᠤᠨ ᠲᠠᠮᠢᠷ᠎ᠤᠨ ᠤᠷᠤᠯᠳᠤᠭ᠋ᠠᠨ ᠪᠠᠢ᠌ᠵᠦ᠂ ᠭᠤᠷᠪᠠᠨ ᠶᠡᠬᠡ ᠪᠥᠮᠪᠥᠭᠡ ᠵᠢ ᠬᠥᠭᠵᠢᠭᠦᠯᠦᠨ ᠮᠠᠨᠳᠤᠭᠤᠯᠬᠤ ᠰᠠᠭᠤᠷᠢ ᠵᠢ ᠤᠯᠠᠮ ᠨᠢᠭᠡ ᠠᠯᠬᠤᠮ ᠪᠠᠲᠤᠳᠬᠠᠵᠤ᠂ ᠰᠢᠯᠢᠳᠡᠭ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠢᠯᠡᠷᠡᠭᠦᠯᠬᠦ ᠪᠠ ᠬᠥᠮᠥᠵᠢᠭᠦᠯᠬᠦ ᠵᠢᠨ ᠲᠥᠯᠥᠭᠡ ᠶᠤᠮ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠤᠷᠤᠯᠳᠤᠭ᠋ᠠᠨ᠎ᠢ ᠰᠠᠢ᠌ᠲᠤᠷ ᠵᠣᠯᠭ᠋ᠠᠭᠤᠯᠵᠤ᠂ ᠲᠦᠷᠦᠯ ᠵᠦᠢ᠍ᠯ᠎ᠤᠨ ᠰᠠᠭᠤᠷᠢ ᠵᠢ ᠪᠠᠲᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠬᠡ ᠪᠥᠮᠪᠥᠭᠡᠨ ᠲᠠᠮᠢᠷ᠎ᠤᠨ ᠴᠤᠭᠯᠠᠭ᠋ᠠᠨ᠎ᠢ ᠡᠷᠬᠢᠯᠡᠵᠦ᠂ ᠰᠢᠯᠢᠳᠡᠭ ᠬᠢᠷᠢ ᠪᠦᠲᠦᠮᠵᠢ᠎ᠲᠠᠢ ᠲᠠᠮᠢᠷ᠎ᠤᠨ ᠠᠩᠭᠢ ᠵᠢ ᠰᠣᠩᠭᠣᠨ ᠲᠣᠮᠢᠯᠠᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠲᠥᠯᠥᠭᠡᠯᠡᠭᠦᠯᠦᠨ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠩᠬᠠᠳᠤᠭ᠋ᠠᠷ ᠬᠤᠭᠤᠴᠠᠭ᠋ᠠᠨ᠎ᠤ ᠵᠠᠯᠠᠭᠤᠴᠤᠳ ᠪᠠᠭ᠋ᠠᠴᠤᠳ᠎ᠤᠨ ᠭᠤᠷᠪᠠᠨ ᠶᠡᠬᠡ ᠪᠥᠮᠪᠥᠭᠡᠨ ᠲᠠᠮᠢᠷ᠎ᠤᠨ ᠴᠤᠭᠯᠠᠭ᠋ᠠᠨ᠎ᠳᠤ ᠣᠷᠣᠯᠴᠠᠭᠤᠯᠤᠨ᠎ᠠ᠃





