ᠪᠡᠶ᠎ᠡ ᠵᠢᠨ ᠲᠠᠮᠢᠷ᠎ᠨᠢ ᠤᠯᠤᠰ ᠣᠷᠣᠨ᠎ᠤ ᠬᠦᠴᠦᠷᠬᠡᠭᠵᠢᠯ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠬᠦᠰᠡᠯ ᠵᠡᠭᠦᠳᠦ ᠵᠢ ᠠᠴᠢᠶᠠᠯᠠᠵᠤ ᠪᠠᠢ᠌ᠳᠠᠭ᠃ ᠮᠠᠨ᠎ᠤ ᠣᠷᠣᠨ 2024 ᠣᠨ᠎ᠳᠤ ᠪᠡᠶ᠎ᠡ ᠵᠢᠨ ᠲᠠᠮᠢᠷ᠎ᠤᠨ ᠠᠵᠢᠯ᠎ᠢ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠦᠭᠦ ᠲᠠᠯ᠎ᠠ᠎ᠳᠤ ᠠᠭᠤᠰᠤᠯᠴᠠᠭᠤᠯᠵᠤ᠂ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ᠂ ᠥᠷᠢᠰᠦᠯᠳᠦᠭᠡᠨᠲᠦ ᠤᠷᠤᠯᠳᠤᠭ᠋ᠠᠨ᠎ᠤ ᠪᠡᠶ᠎ᠡ ᠵᠢᠨ ᠲᠠᠮᠢᠷ᠂ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ ᠵᠡᠷᠭᠡ ᠡᠯ᠎ᠡ ᠬᠦᠷᠢᠶᠡᠨ᠎ᠤ ᠠᠵᠢᠯ᠎ᠢ ᠰᠢᠰᠲ᠋ᠧᠮ᠎ᠲᠠᠢ ᠲᠥᠯᠥᠪᠵᠢᠭᠦᠯᠦᠨ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠪᠠ᠃ ᠪᠡᠶ᠎ᠡ ᠵᠢᠨ ᠲᠠᠮᠢᠷ᠎ᠤᠨ ᠥᠭᠡᠷᠡᠴᠢᠯᠡᠯᠲᠡ ᠵᠢᠨ ᠲᠡᠷᠢᠭᠦᠨ᠎ᠤ ᠦᠷ᠎ᠡ ᠪᠦᠲᠦᠭᠡᠯ ᠲᠤᠷᠰᠢᠯᠭ᠎ᠠ ᠵᠢ ᠢᠳᠡᠪᠬᠢᠲᠡᠢ ᠰᠤᠷᠤᠯᠴᠠᠨ ᠲᠣᠯᠢᠯᠠᠵᠤ᠂ ᠡᠭᠦᠷᠭᠡ ᠵᠢ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ ᠪᠡᠶ᠎ᠡ ᠵᠢᠨ ᠲᠠᠮᠢᠷ᠎ᠤᠨ ᠲᠣᠮᠣ ᠣᠷᠣᠨ᠎ᠤ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠪᠠ᠃

ᠪᠡᠶ᠎ᠡ ᠵᠢᠨ ᠲᠠᠮᠢᠷ᠎ᠤᠨ ᠲᠠᠯᠠᠪᠤᠷ᠎ᠤᠨ ᠲᠤᠨᠤᠭ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠪᠠ᠃ 2024 ᠣᠨ᠎ᠳᠤ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠵᠢᠨ ᠳᠤᠲᠠᠭᠤᠳᠠᠯ᠎ᠢ ᠨᠥᠬᠥᠪᠦᠷᠢᠯᠡᠬᠦ ᠢᠨᠵᠧᠨᠧᠷᠢᠩ᠎ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠪᠡᠶ᠎ᠡ ᠴᠢᠭᠢᠷᠠᠭᠵᠢᠭᠤᠯᠬᠤ ᠲᠠᠯᠠᠪᠤᠷ᠎ᠤᠨ ᠲᠥᠬᠦᠭᠡᠷᠦᠮᠵᠢ ᠵᠢᠨ ᠬᠠᠩᠭ᠋ᠠᠯᠭ᠎ᠠ ᠵᠢ ᠥᠷᠭᠡᠳᠬᠡᠨ᠂ ᠨᠡᠢ᠌ᠭᠡᠮ᠎ᠤᠨ ᠬᠦᠴᠦᠨ᠎ᠤ ᠪᠡᠶ᠎ᠡ ᠵᠢᠨ ᠲᠠᠮᠢᠷ᠎ᠤᠨ ᠲᠠᠯᠠᠪᠤᠷ᠎ᠤᠨ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠎ᠳᠤ ᠣᠷᠤᠯᠴᠠᠬᠤ ᠵᠢ ᠠᠬᠢᠭᠤᠯᠪᠠ᠃ ᠣᠯᠠᠨ ᠲᠦᠮᠡᠨ᠎ᠤ ᠳᠡᠷᠭᠡᠳᠡᠬᠢ ᠪᠡᠶ᠎ᠡ ᠵᠢᠨ ᠲᠠᠮᠢᠷ᠎ᠤᠨ ᠴᠡᠴᠡᠷᠯᠢᠭ᠂ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠂ ᠣᠯᠠᠨ ᠴᠢᠳᠠᠮᠵᠢᠲᠤ ᠲᠠᠮᠢᠷ᠎ᠤᠨ ᠲᠠᠯᠠᠪᠤᠷ ᠵᠡᠷᠭᠡ ᠵᠢ ᠪᠠᠢ᠌ᠭᠤᠯᠵᠤ᠂ ᠬᠣᠲᠠ ᠵᠢᠨ ᠨᠡᠢ᠌ᠭᠡᠮ ᠲᠣᠭᠣᠷᠢᠭ᠎ᠤᠨ 《15 ᠮᠢᠨᠦ᠋ᠲ᠎ᠤᠨ ᠪᠡᠶ᠎ᠡ ᠴᠢᠭᠢᠷᠠᠭᠵᠢᠭᠤᠯᠬᠤ ᠲᠣᠭᠣᠷᠢᠭ》᠂ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠪᠡ᠃ ᠡᠭᠦᠨ᠎ᠳᠤ ᠪᠡᠶ᠎ᠡ ᠵᠢᠨ ᠲᠠᠮᠢᠷ᠎ᠤᠨ ᠲᠠᠯᠠᠪᠤᠷ 7.05 ᠲᠦᠮᠡ ᠪᠣᠯᠵᠤ᠂ ᠬᠥᠮᠥᠨ ᠳᠤᠮᠳᠠᠴᠢ᠎ᠳᠤ ᠨᠣᠭᠳᠠᠬᠤ ᠪᠡᠶ᠎ᠡ ᠵᠢᠨ ᠲᠠᠮᠢᠷ᠎ᠤᠨ ᠲᠠᠯᠠᠪᠤᠷ 2.81 ᠲᠡᠭᠰᠢ ᠳᠥᠷᠪᠡᠯᠵᠢᠨ ᠮᠧᠲᠷ᠎ᠲᠤ ᠭᠦᠷᠪᠡ᠃ 144 ᠣᠯᠠᠨ ᠨᠡᠢ᠌ᠲᠡ ᠵᠢᠨ ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠢ ᠦᠨ᠎ᠡ ᠲᠥᠯᠥᠪᠦᠷᠢ ᠦᠭᠡᠢ ᠪᠤᠶᠤ ᠰᠦᠢ᠍ᠳᠬᠡᠯ ᠪᠠᠭ᠎ᠠ ᠬᠤᠷᠢᠶᠠᠵᠤ ᠴᠢᠯᠦᠭᠡᠲᠡᠢ ᠨᠡᠭᠡᠭᠡᠵᠦ᠂ 70%᠎ᠠᠴᠠ ᠳᠡᠭᠡᠭᠰᠢᠬᠢ ᠬᠣᠰᠢᠭᠤ ᠰᠢᠶᠠᠨ (ᠬᠣᠲᠠ᠂ ᠲᠣᠭᠣᠷᠢᠭ)᠎ᠢ ᠬᠠᠮᠤᠷᠴᠤ᠂ ᠵᠢᠯ᠎ᠳᠤ 2000 ᠲᠦᠮᠡ ᠭᠠᠷᠤᠢ ᠤᠯᠠᠨ ᠲᠦᠮᠡᠨ᠎ᠢ ᠭᠥᠯᠢᠶᠡᠨ ᠠᠪᠴᠠᠢ᠃
ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠎ᠤ ᠠᠵᠢᠯᠯᠠᠭ᠎ᠠ ᠵᠢ ᠪᠠᠶᠠᠯᠢᠭᠵᠢᠭᠤᠯᠪᠠ᠃ ᠪᠦᠭᠦ ᠣᠷᠣᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠂ 《ᠪᠠᠶᠠᠰᠬᠤᠯᠠᠩᠲᠤ ᠲᠠᠯ᠎ᠠ ᠨᠤᠲᠤᠭ ᠡᠷᠡᠭᠦᠯ ᠡᠩᠬᠡ ᠥᠪᠥᠷ ᠮᠣᠩᠭᠣᠯ》 ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠡᠯᠡᠭᠦᠴᠡᠯ ᠵᠢᠭᠤᠯᠴᠢᠯᠠᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠨᠠᠷᠠᠲᠤ ᠲᠥᠷᠥᠯ ᠲᠡᠮᠳᠡᠭᠲᠦ ᠵᠢᠨ ᠤᠷᠤᠯᠳᠤᠭ᠋ᠠᠨ᠎ᠤ ᠠᠵᠢᠯᠯᠠᠭ᠎ᠠ ᠵᠢᠨ ᠨᠥᠯᠥᠭᠡᠯᠡᠬᠦ ᠬᠦᠴᠦᠨ᠎ᠢ ᠠᠯᠬᠤᠮ ᠠᠯᠬᠤᠮ ᠵᠶ᠋ᠠᠷ ᠥᠷᠭᠡᠳᠬᠡᠵᠦ᠂ ᠨᠡᠢ᠌ᠭᠡᠮ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠮᠣᠩᠭᠣᠯ ᠮᠣᠷᠢᠨ᠎ᠤ ᠲᠠᠰ᠎ᠠᠴᠠ ᠳᠠᠪᠠᠭᠰᠠᠨ ᠬᠣᠯᠪᠣᠭ᠋ᠠᠲᠤ ᠤᠷᠤᠯᠳᠤᠭ᠋ᠠᠨ ᠵᠡᠷᠭᠡ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢ ᠡᠳᠦᠷ ᠢᠷᠡᠬᠦᠶ᠎ᠡ ᠪᠠᠶᠠᠯᠢᠭᠵᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠪᠦᠭᠦ ᠠᠷᠠᠳ᠎ᠤᠨ ᠡᠷᠡᠭᠦᠯ ᠮᠡᠨᠳᠦ ᠵᠢᠨ ᠠᠭᠤᠰᠤᠯᠴᠠᠨ ᠬᠥᠭᠵᠢᠬᠦ ᠵᠢ ᠪᠦᠲᠦᠮᠵᠢᠲᠡᠶ ᠠᠬᠢᠭᠤᠯᠪᠠ᠃ 2024 ᠣᠨ᠎ᠳᠤ᠂ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠎ᠢ 3000 ᠤᠳᠠᠭ᠎ᠠ ᠵᠣᠬᠢᠶᠠᠨ ᠪᠠᠢ᠌ᠭᠤᠯᠤᠨ ᠥᠷᠨᠢᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 50%᠎ᠪᠠᠷ ᠨᠡᠮᠡᠭᠳᠡᠭᠦᠯᠵᠦ᠂ 700 ᠲᠦᠮᠡ ᠭᠠᠷᠤᠢ ᠬᠥᠮᠥᠨ ᠤᠳᠠᠭ᠎ᠠ ᠵᠢ ᠳᠠᠢ᠌ᠴᠢᠯᠠᠨ ᠣᠷᠣᠯᠴᠠᠭᠤᠯᠪᠠ᠃

ᠥᠷᠢᠰᠦᠯᠳᠦᠭᠡᠨᠲᠦ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢ ᠢᠳᠡᠪᠬᠢᠲᠡᠢ ᠲᠦᠯᠬᠢᠨ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ ᠪᠦᠬᠦᠢ ᠥᠷᠢᠰᠦᠯᠳᠦᠭᠡᠨᠲᠦ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠵᠠᠮ ᠵᠶ᠋ᠠᠷ ᠰᠠᠢ᠌ᠲᠤᠷ ᠵᠠᠮᠨᠠᠪᠠ᠃ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠳᠡᠭᠡᠷ᠎ᠡ ᠮᠠᠨ᠎ᠤ ᠣᠷᠣᠨ18 ᠠᠯᠲᠠᠨ ᠮᠧᠳᠠᠯ᠂ 17 ᠮᠥᠩᠭᠥᠨ ᠮᠧᠳᠠᠯ᠂ 24 ᠬᠦᠷᠡᠯ ᠮᠧᠳᠠᠯ ᠣᠯᠵᠤ᠂ ᠠᠯᠲᠠᠨ ᠮᠧᠳᠠᠯ᠎ᠤᠨ ᠲᠣᠭ᠎ᠠ᠎ᠪᠠᠷ ᠳᠣᠯᠣᠳᠤᠭ᠋ᠠᠷ᠎ᠲᠤ ᠵᠢᠭᠰᠠᠭ᠋ᠠᠭᠳᠠᠵᠤ᠂ 《ᠤᠷᠤᠯᠳᠤᠭ᠋ᠠᠨ᠎ᠢ ᠭᠣᠢ᠌ᠳᠠ ᠰᠠᠢ᠌ᠬᠠᠨ ᠡᠷᠭᠢᠯᠡᠭᠦ᠂ ᠤᠷᠤᠯᠳᠤᠭ᠋ᠠᠨ᠎ᠳᠤ ᠣᠷᠣᠯᠴᠠᠵᠤ ᠰᠢᠯᠢᠳᠡᠭ ᠬᠢᠷᠢ ᠪᠦᠲᠦᠮᠵᠢ ᠵᠢ ᠡᠭᠦᠳᠬᠦ᠂ ᠦᠢ᠍ᠯᠡᠴᠢᠯᠡᠭᠡ ᠤᠯᠠᠨ ᠲᠦᠮᠡᠨ᠎ᠳᠤ ᠲᠠᠭ᠋ᠠᠰᠢᠶᠠᠭᠳᠠᠬᠤ᠂ ᠣᠯᠠᠨ ᠲᠦᠮᠡᠨ ᠢᠳᠡᠪᠬᠢᠲᠡᠢ ᠣᠷᠤᠯᠴᠠᠬᠤ᠂ ᠬᠥᠭᠵᠢᠯᠲᠡ᠎ᠳᠤ ᠥᠩᠭᠡ ᠭᠡᠷᠡᠯ ᠨᠡᠮᠡᠷᠢᠯᠡᠬᠦ》ᠬᠠᠷᠠᠯᠲᠠ ᠵᠢ ᠪᠡᠶᠡᠯᠡᠭᠦᠯᠪᠡ᠃ ᠫᠠᠷᠢᠰ᠎ᠤᠨ ᠣᠯᠢᠮᠫᠢᠺ᠎ᠤᠨ ᠴᠤᠭᠯᠠᠭ᠋ᠠᠨ ᠳᠡᠭᠡᠷ᠎ᠡ ᠮᠠᠨ᠎ᠤ ᠣᠷᠣᠨ᠎ᠤ 3 ᠲᠠᠮᠢᠷᠴᠢᠨ 1 ᠠᠯᠲᠠᠨ ᠮᠧᠳᠠᠯ᠂ 1 ᠮᠥᠩᠭᠥᠨ ᠮᠧᠳᠠᠯ᠂ 1 ᠳᠥᠷᠪᠡᠳᠦᠭᠡᠷ᠎ᠲᠤ ᠣᠷᠣᠭᠰᠠᠨ ᠬᠢᠷᠢ ᠪᠦᠲᠦᠮᠵᠢ ᠵᠢ ᠣᠯᠵᠤ᠂ ᠮᠠᠨ᠎ᠤ ᠣᠷᠣᠨ᠎ᠤ ᠣᠯᠢᠮᠫᠢᠺ᠎ᠤᠨ ᠴᠤᠭᠯᠠᠭ᠋ᠠᠨ᠎ᠳᠤ ᠣᠷᠣᠯᠴᠠᠬᠰᠠᠨ᠎ᠠᠴᠠ ᠨᠠᠭ᠋ᠠᠰᠢᠬᠢ ᠬᠠᠮᠤᠭ᠎ᠤᠨ ᠰᠠᠢ᠌ᠨ ᠬᠢᠷᠢ ᠪᠦᠲᠦᠮᠵᠢ ᠵᠢ ᠡᠭᠦᠳᠴᠡᠢ᠃ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠲᠦᠭᠡᠮᠡᠯᠵᠢᠭᠦᠯᠦᠨ ᠬᠥᠭᠵᠢᠭᠦᠯᠬᠦ ᠵᠢ ᠦᠷᠭᠦᠯᠵᠢᠯᠡᠨ ᠠᠬᠢᠭᠤᠯᠪᠠ᠃ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠭᠢᠯᠡᠭᠰᠡᠨ ᠠᠵᠠ ᠲᠤᠭᠢᠶᠠᠯ᠎ᠢ ᠭᠦᠢ᠍ᠴᠡᠳ ᠠᠰᠢᠭᠯᠠᠵᠤ᠂ ᠮᠥᠰᠥ ᠴᠠᠰᠤᠨ᠎ᠤ ᠲᠠᠯᠠᠪᠤᠷ ᠣᠷᠳᠣᠨ᠎ᠢ ᠦᠷᠭᠦᠯᠵᠢᠯᠡᠨ ᠠᠰᠢᠭᠯᠠᠬᠤ ᠵᠢ ᠭᠦᠨᠵᠡᠭᠡᠢ ᠠᠬᠢᠭᠤᠯᠵᠤ᠂ ᠮᠥᠰᠥ ᠴᠠᠰᠤᠨ᠎ᠤ ᠠᠵᠤ ᠦᠢ᠍ᠯᠡᠰ᠎ᠤᠨ ᠦᠷᠭᠦᠯᠵᠢᠯᠡᠬᠦ ᠬᠥᠭᠵᠢᠯᠲᠡ ᠵᠢ ᠠᠬᠢᠭᠤᠯᠵᠠᠢ᠃ ᠮᠥᠰᠥ ᠴᠠᠰᠤᠨ᠎ᠤ ᠨᠠᠭ᠋ᠠᠳᠤᠮ᠂ ᠴᠠᠰᠤᠨ ᠳᠡᠭᠡᠷᠡᠬᠢ ᠬᠥᠯ ᠪᠥᠮᠪᠥᠭᠡ᠂ ᠮᠥᠰᠥᠨ ᠳᠡᠭᠡᠷᠡᠬᠢ ᠯᠤᠤᠲᠤ ᠣᠩᠭᠣᠴᠠ᠂ ᠬᠦᠢ᠍ᠲᠡᠨ᠎ᠤ ᠲᠤᠢ᠌ᠯ᠎ᠤᠨ ᠮᠠᠷᠠᠽᠤᠨ ᠵᠡᠷᠭᠡ ᠣᠨᠴᠠᠯᠢᠭᠲᠤ ᠤᠷᠤᠯᠳᠤᠭ᠋ᠠᠨ᠎ᠤ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠠᠮᠤᠷᠬᠤ ᠬᠡᠪᠴᠢᠶ᠎ᠡ ᠪᠠ ᠣᠷᠤᠯᠴᠠᠬᠤ ᠬᠡᠮᠵᠢᠶ᠎ᠡ ᠵᠢ ᠦᠷᠭᠦᠯᠵᠢᠯᠡᠨ ᠥᠷᠭᠡᠳᠬᠡᠪᠡ᠃
ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢ ᠵᠢᠭ᠋ᠠᠨ ᠵᠢᠯᠤᠭᠣᠳᠬᠤ ᠦᠢ᠍ᠯᠡᠴᠢᠯᠡᠭᠡ ᠵᠢ ᠴᠢᠩᠭ᠋ᠠᠳᠬᠠᠪᠠ᠃ 《ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠵᠤ ᠡᠷᠡᠭᠦᠯ ᠡᠩᠬᠡ ᠵᠢᠨ ᠪᠠᠢ᠌ᠭᠤᠯᠤᠯᠲᠠ ᠵᠢ ᠠᠬᠢᠭᠤᠯᠤᠶ᠎ᠠ》᠂ 《ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠳᠤ ᠬᠠᠮᠲᠤ᠎ᠪᠠᠷ ᠣᠷᠣᠯᠴᠠᠨᠠᠮ》 ᠵᠡᠷᠭᠡ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ 800 ᠭᠠᠷᠤᠢ ᠲᠠᠯᠠᠪᠤᠷ ᠤᠳᠠᠭ᠎ᠠ ᠵᠣᠬᠢᠶᠠᠨ ᠪᠠᠢ᠌ᠭᠤᠯᠤᠨ ᠥᠷᠨᠢᠭᠦᠯᠵᠦ᠂ ᠣᠯᠠᠨ ᠲᠦᠮᠡᠨ᠎ᠳᠤ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠵᠢ ᠲᠦᠭᠡᠮᠡᠯᠵᠢᠭᠦᠯᠵᠦ᠂ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ ᠬᠠᠩᠭ᠋ᠠᠵᠤ᠂ 35 ᠲᠦᠮᠡ ᠭᠠᠷᠤᠢ ᠬᠥᠮᠥᠨ ᠤᠳᠠᠭ᠎ᠠ᠎ᠳᠤ ᠠᠰᠢᠭ ᠬᠦᠷᠲᠡᠭᠡᠵᠡᠢ᠃ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠲᠦᠮᠡ ᠰᠢᠬᠠᠮ ᠵᠢᠭ᠋ᠠᠨ ᠵᠢᠯᠣᠭᠣᠳᠤᠭᠴᠢ ᠰᠠᠢ᠌ᠨ ᠳᠤᠷ᠎ᠠ ᠵᠢᠨ ᠦᠢ᠍ᠯᠡᠴᠢᠯᠡᠭᠡ᠎ᠳᠤ ᠣᠷᠣᠯᠴᠠᠵᠤ᠂ 5 ᠠᠢ᠌ᠮᠠᠭ ᠬᠣᠲᠠ᠎ᠳᠤ ᠪᠡᠶ᠎ᠡ ᠴᠢᠭᠢᠷᠠᠭᠵᠢᠭᠤᠯᠬᠤ ᠵᠢᠭ᠋ᠠᠨ ᠵᠢᠯᠤᠭᠣᠳᠬᠤ ᠥᠷᠲᠡᠭᠡ ᠵᠢ 200 ᠲᠤᠷᠰᠢᠨ ᠪᠠᠢ᠌ᠭᠤᠯᠪᠠ᠃ ᠤᠯᠤᠰ ᠠᠷᠠᠳ᠎ᠤᠨ ᠪᠡᠶ᠎ᠡ ᠮᠠᠬᠠᠪᠤᠳ᠎ᠢ ᠬᠢᠨᠠᠨ ᠰᠢᠯᠭ᠋ᠠᠬᠤ ᠠᠵᠢᠯᠯᠠᠭ᠎ᠠ ᠵᠢ 100 ᠭᠠᠷᠤᠢ ᠲᠠᠯᠠᠪᠠᠶ ᠥᠷᠨᠢᠭᠦᠯᠵᠦ᠂ 3.5 ᠲᠦᠮᠡ ᠭᠠᠷᠤᠢ ᠬᠥᠮᠥᠨ᠎ᠳᠤ ᠬᠢᠨᠠᠨ ᠰᠢᠯᠭ᠋ᠠᠯᠲᠠ ᠬᠢᠵᠦ᠂ ᠤᠯᠤᠰ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ᠎ᠳᠤ ᠬᠦᠷᠭᠡᠬᠦ ᠰᠢᠯᠭ᠋ᠠᠯᠲᠠ᠂ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠲᠤᠬᠠᠢ ᠪᠠᠢ᠌ᠴᠠᠭ᠋ᠠᠯᠲᠠ ᠵᠡᠷᠭᠡ ᠵᠢ 40 ᠭᠠᠷᠤᠢ ᠲᠠᠯᠠᠪᠠᠶ ᠥᠷᠨᠢᠭᠦᠯᠵᠦ᠂ 2.1 ᠲᠦᠮᠡ ᠭᠠᠷᠤᠢ ᠤᠯᠠᠨ ᠲᠦᠮᠡᠨ᠎ᠳᠤ ᠦᠢ᠍ᠯᠡᠴᠢᠯᠡᠪᠡ᠃

ᠪᠤᠢ᠌ᠺᠤ ᠪᠥᠮᠪᠥᠭᠡ᠂ ᠲᠦᠷᠭᠡᠨ ᠲᠡᠰᠢᠯᠲᠡ᠂ ᠮᠥᠰᠥᠨ ᠪᠥᠮᠪᠥᠭᠡ ᠵᠡᠷᠭᠡ ᠲᠥᠷᠥᠯ ᠵᠦᠢ᠍ᠯ᠎ᠤᠨ ᠬᠥᠭᠵᠢᠯᠲᠡ ᠵᠢ ᠰᠤᠳᠤᠯᠤᠨ ᠲᠥᠯᠥᠪᠯᠡᠵᠦ᠂ ᠪᠤᠢ᠌ᠺᠤ ᠪᠥᠮᠪᠥᠭᠡ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠰᠠᠨᠠᠯ᠎ᠢ ᠲᠤᠰᠬᠠᠢ᠌ᠯᠠᠨ ᠨᠡᠢ᠌ᠲᠡᠯᠡᠪᠡ᠃ ᠮᠠᠨ᠎ᠤ ᠣᠷᠣᠨ᠎ᠳᠤ ᠣᠳᠣᠬᠠᠨ᠎ᠳᠤ ᠪᠤᠺᠰ᠂ ᠪᠦᠭᠡ᠂ ᠰᠤᠷ ᠬᠠᠷᠪᠤᠯᠲᠠ᠂ ᠮᠣᠷᠢᠨ ᠮᠡᠷᠭᠡᠵᠢᠯ᠂ ᠪᠤᠢ᠌ᠺᠤ ᠪᠥᠮᠪᠥᠭᠡ ᠵᠡᠷᠭᠡ 24 ᠰᠢᠯᠢᠳᠡᠭ ᠲᠠᠮᠢᠷ᠎ᠤᠨ ᠠᠩᠭᠢ᠎ᠲᠠᠢ ᠪᠠᠢ᠌ᠵᠤ᠂ ᠲᠠᠮᠢᠷᠴᠢᠳ᠎ᠤᠨ ᠳᠣᠲᠣᠷ᠎ᠠ ᠣᠯᠠᠨ ᠤᠯᠤᠰ᠎ᠤᠨ ᠠᠪᠤᠷᠭᠤ ᠲᠠᠮᠢᠷᠴᠢᠨ 15 ᠬᠥᠮᠥᠨ᠂ ᠤᠯᠤᠰ᠎ᠤᠨ ᠠᠪᠤᠷᠭᠤ ᠲᠠᠮᠢᠷᠴᠢᠨ 148 ᠬᠥᠮᠥᠨ ᠪᠠᠢ᠌ᠵᠤ᠂ ᠰᠢᠯᠢᠳᠡᠭ ᠲᠠᠮᠢᠷ᠎ᠤᠨ ᠠᠩᠭᠢ ᠵᠢᠨ ᠴᠢᠳᠠᠪᠤᠷᠢᠲᠠᠨ᠎ᠤ ᠪᠦᠲᠦᠴᠡ ᠨᠠᠩ ᠵᠦᠢ ᠵᠣᠬᠢᠰᠲᠠᠢ ᠪᠣᠯᠵᠤ᠂ ᠤᠷᠤᠯᠳᠤᠭ᠋ᠠᠨ᠎ᠤ ᠬᠢᠷᠢ ᠪᠦᠲᠦᠮᠵᠢ ᠢᠯᠡᠳᠲᠡ ᠳᠡᠭᠡᠭᠰᠢᠯᠡᠪᠡ᠃ ᠥᠷᠢᠰᠦᠯᠳᠦᠭᠡᠨᠲᠦ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠪᠠ ᠬᠥᠭᠡᠷᠦᠭᠦᠯᠬᠦ ᠡᠮ ᠬᠡᠷᠡᠭᠯᠡᠬᠦ ᠵᠢ ᠡᠰᠡᠷᠭᠦᠴᠡᠬᠦ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠭᠡᠷᠦᠭᠦᠯᠬᠦ ᠡᠮ ᠬᠡᠷᠡᠭᠯᠡᠬᠦ ᠵᠢ ᠡᠰᠡᠷᠭᠦᠴᠡᠬᠦ ᠠᠵᠢᠯ᠎ᠤᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠬᠥᠭᠡᠷᠦᠭᠦᠯᠬᠦ ᠡᠮ ᠬᠡᠷᠡᠭᠯᠡᠬᠦ ᠵᠢ ᠡᠰᠡᠷᠭᠦᠴᠡᠬᠦ ᠤᠬᠠᠭᠤᠯᠭ᠎ᠠ ᠬᠥᠮᠦᠵᠢᠯ᠎ᠤᠨ ᠪᠣᠯᠪᠠᠰᠤᠷᠠᠯ᠎ᠢ ᠪᠠᠢ᠌ᠩᠭᠤᠵᠢᠭᠤᠯᠵᠤ᠂ 《ᠶᠣᠰᠣ ᠮᠣᠷᠠᠯ᠎ᠤᠨ ᠠᠯᠲᠠᠨ ᠮᠧᠳᠠᠯ᠂ ᠬᠡᠪ ᠰᠤᠷᠲᠠᠯ᠎ᠤᠨ ᠠᠯᠲᠠᠨ ᠮᠧᠳᠠᠯ᠂ ᠠᠷᠢᠭᠤᠨ ᠴᠡᠪᠡᠷ ᠠᠯᠲᠠᠨ ᠮᠧᠳᠠᠯ》 ᠣᠯᠬᠤ ᠦᠵᠡᠯ ᠤᠬᠠᠮᠰᠠᠷ᠎ᠢ ᠪᠦᠭᠦ ᠲᠠᠯ᠎ᠠ᠎ᠪᠠᠷ ᠴᠢᠩᠭ᠋ᠠᠷᠠᠭᠤᠯᠪᠠ᠃ ᠪᠠᠢ᠌ᠭ᠋ᠠᠯᠢ ᠵᠢᠨ ᠡᠬᠢ ᠪᠠᠶᠠᠯᠢᠭ᠂ ᠰᠣᠶᠣᠯ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠪᠡᠶ᠎ᠡ ᠵᠢᠨ ᠲᠠᠮᠢᠷ᠎ᠤᠨ ᠴᠢᠨᠠᠷ ᠰᠠᠢ᠌ᠲᠠᠢ ᠦᠢ᠍ᠯᠡᠳᠬᠦᠨ ᠪᠠ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠵᠦ᠂ ᠪᠡᠶ᠎ᠡ ᠵᠢᠨ ᠲᠠᠮᠢᠷ᠎ᠤᠨ ᠬᠡᠷᠡᠭᠯᠡᠭᠡ ᠵᠢ ᠪᠠᠶᠠᠯᠢᠭᠵᠢᠭᠤᠯᠤᠨ᠂ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠢ ᠦᠷᠭᠦᠯᠵᠢᠯᠠᠨ ᠬᠥᠭᠵᠢᠭᠦᠯᠪᠡ᠃
2024 ᠣᠨ ᠪᠣᠯ ᠰᠢᠨ᠎ᠡ ᠲᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ ᠪᠣᠯᠣᠨ᠎ᠠ᠃ ᠮᠠᠨ᠎ᠤ ᠣᠷᠣᠨ ᠶᠡᠷᠦᠩᠬᠡᠢ ᠱᠦᠵᠢ ᠰᠢ ᠵᠢᠨ ᠫᠢᠩ᠎ᠤᠨ ᠪᠡᠶ᠎ᠡ ᠵᠢᠨ ᠲᠠᠮᠢᠷ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠡᠷᠡᠰ ᠭᠤᠢ᠌ᠪᠢᠰᠢ ᠦᠭᠡᠢ ᠲᠤᠭᠤᠰᠢᠯᠠᠭᠤᠯᠤᠨ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠡᠶ᠎ᠡ ᠵᠢᠨ ᠲᠠᠮᠢᠷ᠎ᠤᠨ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠦᠨ᠂ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠢᠭᠡᠳ ᠪᠦᠭᠦ ᠠᠷᠠᠳ᠎ᠤᠨ ᠡᠷᠡᠭᠦᠯ ᠴᠢᠭᠢᠷᠠᠭ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠬᠥᠭᠵᠢᠯᠲᠡ ᠵᠢ ᠢᠳᠡᠪᠬᠢᠲᠡᠢ ᠲᠥᠯᠥᠪᠵᠢᠭᠦᠯᠵᠦ᠂ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠠᠵᠢᠯ᠎ᠤᠨ ᠭᠢᠯᠠᠯᠵᠠᠮ᠎ᠠ ᠰᠢᠨ᠎ᠡ ᠬᠠᠭᠤᠳᠠᠰᠤ ᠵᠢ ᠪᠢᠴᠢᠭᠯᠡᠵᠡᠢ᠃
(ᠭᠡᠷᠡᠯ ᠵᠢᠷᠤᠭ᠎ᠤᠳ᠎ᠢ ᠰᠦᠯᠵᠢᠶᠡᠨ᠎ᠠᠴᠠ ᠠᠪᠤᠪᠠ)