1 ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠬᠤᠷᠠᠯ ᠬᠤᠷᠠᠯᠳᠤᠭᠤᠯᠵᠤ᠂ 《ᠵᠢᠷᠭᠤᠭ᠋ᠠᠨ ᠠᠵᠢᠯᠯᠠᠭ᠎ᠠ》 ᠵᠢᠨ ᠠᠵᠢᠯ᠎ᠢ ᠬᠢᠨᠠᠮᠠᠭ᠋ᠠᠶ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠸᠠᠩ ᠵᠧᠩ ᠢᠦᠶ ᠬᠤᠷᠠᠯ᠎ᠢ ᠡᠷᠭᠢᠯᠡᠪᠡ᠃
ᠬᠤᠷᠠᠯ᠎ᠠᠴᠠ ᠴᠢᠩᠭ᠋ᠠᠳᠬᠠᠭᠰᠠᠨ᠎ᠨᠢ᠂ 《ᠵᠢᠷᠭᠤᠭ᠋ᠠᠨ ᠠᠵᠢᠯᠯᠠᠭ᠎ᠠ》 ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠣᠳᠣᠬᠠᠨ᠎ᠤ ᠪᠠᠶ᠋ᠢᠳᠠᠯ᠎ᠢ ᠭᠦᠨᠵᠡᠭᠡᠢ ᠵᠠᠳᠠᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠳᠤᠷᠠᠳᠤᠭᠰᠠᠨ ᠴᠢᠬᠤᠯᠠ ᠡᠭᠦᠷᠭᠡ ᠪᠣᠯᠤᠨ᠎ᠠ᠂ ᠲᠦᠢ᠍ᠯ᠎ᠤᠨ ᠬᠠᠨᠳᠤᠯᠭ᠋ᠠᠲᠤ ᠴᠢᠨᠠᠷ ᠪᠣᠯᠤᠨ ᠬᠡᠷᠡᠭᠵᠢᠭᠦᠯᠵᠦ ᠪᠣᠯᠬᠤᠶ᠋ᠢᠴᠠ ᠴᠢᠨᠠᠷᠲᠠᠢ ᠪᠠᠶ᠋ᠢᠵᠤ᠂ ᠬᠦᠴᠦᠨ ᠵᠶ᠋ᠠᠨ ᠲᠥᠪᠯᠡᠷᠡᠭᠦᠯᠦᠨ ᠶᠡᠭᠡ ᠶᠠᠪᠤᠳᠠᠯ᠎ᠢ ᠪᠦᠲᠦᠭᠡᠬᠦ᠂ ᠬᠦᠴᠢᠷ ᠶᠠᠪᠤᠳᠠᠯ᠎ᠢ ᠰᠢᠢ᠍ᠳᠪᠦᠷᠢᠯᠡᠬᠦ᠂ ᠵᠠᠩᠭᠢᠯᠠᠭ᠎ᠠ ᠵᠢᠨ ᠶᠠᠪᠤᠳᠠᠯ᠎ᠢ ᠰᠢᠢ᠍ᠳᠪᠦᠷᠢᠯᠡᠬᠦ ᠢᠯᠡ ᠲᠣᠳᠣ ᠤᠳᠤᠷᠢᠳᠤᠮᠵᠢ ᠵᠢ ᠢᠯᠡᠷᠡᠭᠦᠯᠪᠡ᠃ ᠲᠣᠪᠴᠢᠶ᠎ᠠ ᠵᠢᠨ ᠰᠢᠰᠲ᠋ᠧᠮ᠎ᠤᠨ ᠡᠯ᠎ᠡ ᠰᠠᠯᠠᠭ᠎ᠠ ᠮᠥᠴᠢᠷ᠎ᠤᠳ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ 《ᠵᠢᠷᠭᠤᠭ᠋ᠠᠨ ᠠᠵᠢᠯᠯᠠᠭ᠎ᠠ》 ᠵᠢᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠳᠡᠭᠡᠷ᠎ᠡ ᠨᠢᠭᠡᠳᠬᠡᠵᠦ᠂ ᠪᠡᠶ᠎ᠡ ᠵᠢᠨ ᠲᠠᠮᠢᠷ᠎ᠤᠨ ᠠᠵᠢᠯ᠎ᠤᠨ ᠡᠯ᠎ᠡ ᠲᠠᠯ᠎ᠠ᠎ᠳᠤ ᠲᠤᠭᠤᠰᠢᠯᠠᠭᠤᠯᠤᠨ᠂ ᠡᠭᠦᠷᠭᠡ᠎ᠪᠠᠨ ᠰᠠᠨᠠᠭ᠋ᠠᠴᠢᠯᠠᠭ᠎ᠠ᠎ᠠᠴᠠ᠎ᠪᠠᠨ ᠲᠠᠨᠢᠵᠤ᠂ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ᠂ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠂ ᠬᠠᠷᠢᠭᠤᠴᠠᠯᠭ᠋ᠠᠲᠠᠨ᠎ᠢ ᠲᠣᠳᠣᠷᠬᠠᠶ᠋ᠢᠯᠠᠵᠤ᠂ ᠥᠷᠯᠥᠭᠡ ᠦᠳᠡᠰᠢ ᠵᠢ ᠲᠡᠮᠡᠴᠡᠬᠦ᠂ ᠴᠢᠩᠭ᠎ᠠ ᠠᠳᠬᠤᠨ ᠲᠦᠷᠭᠡᠨ ᠠᠵᠢᠯᠯᠠᠬᠤ ᠢᠲᠡᠭᠡᠯ ᠵᠣᠷᠢᠭ᠎ᠢ ᠢᠯᠡᠷᠡᠭᠦᠯᠵᠦ᠂ ᠡᠯ᠎ᠡ ᠵᠦᠢ᠍ᠯ᠎ᠤᠨ ᠠᠵᠢᠯ᠎ᠢ ᠬᠦᠴᠦᠲᠡᠢ ᠪᠥᠭᠡᠳ ᠡᠮᠬᠢ ᠵᠢᠷᠤᠮ᠎ᠲᠠᠢ ᠠᠬᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃
ᠬᠤᠷᠠᠯ᠎ᠠᠴᠠ ᠱᠠᠭ᠋ᠠᠷᠳᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠪᠠᠷ ᠯᠠᠪᠯᠠᠯᠲᠠ ᠪᠣᠯᠭ᠋ᠠᠵᠤ᠂ ᠤᠯᠤᠰ᠎ᠤᠨ ᠪᠡᠶ᠎ᠡ ᠵᠢᠨ ᠲᠠᠮᠢᠷ᠎ᠤᠨ ᠠᠵᠤ ᠦᠢ᠍ᠯᠡᠰ᠎ᠤᠨ ᠰᠠᠭᠤᠷᠢ ᠲᠤᠭ᠎ᠠ ᠵᠢ ᠲᠣᠳᠣᠷᠬᠠᠶ ᠣᠶ᠋ᠢᠯᠠᠭ᠋ᠠᠵᠤ᠂ ᠪᠡᠶ᠎ᠡ ᠵᠢᠨ ᠲᠠᠮᠢᠷ᠎ᠤᠨ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠵᠦ᠂ ᠳᠠᠭ᠋ᠠᠭ᠋ᠠᠴᠢᠯᠠᠯᠲᠠ ᠵᠠᠷᠯᠠᠬᠤ ᠲᠠᠰ ᠳᠠᠷᠠᠭ᠋ᠠᠯᠠᠯ᠎ᠢ ᠵᠢᠷᠤᠮᠵᠢᠭᠤᠯᠤᠨ᠂ ᠨᠡᠶ᠋ᠢᠭᠡᠮ᠎ᠤᠨ ᠬᠦᠴᠦᠨ᠎ᠤ ᠪᠡᠶ᠎ᠡ ᠵᠢᠨ ᠲᠠᠮᠢᠷ ᠡᠷᠭᠢᠯᠡᠬᠦ ᠵᠢ ᠵᠣᠷᠢᠭᠵᠢᠭᠤᠯᠬᠤ ᠬᠡᠷᠡᠭᠲᠡᠶ; ᠪᠣᠳᠠᠲᠠᠶ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠵᠤ᠂ ᠲᠠᠮᠢᠷᠴᠢᠨ᠂ ᠰᠤᠷᠤᠭᠴᠢ ᠪᠠ ᠪᠡᠶ᠎ᠡ ᠵᠢᠨ ᠲᠠᠮᠢᠷ᠎ᠤᠨ ᠴᠢᠳᠠᠪᠤᠷᠢᠲᠠᠨ᠎ᠳᠤ ᠠᠵᠢᠯ ᠣᠯᠭᠤᠬᠤ ᠪᠠ ᠠᠳᠠᠯ ᠦᠢ᠍ᠯᠡᠰ ᠴᠣᠭᠴᠠᠯᠠᠬᠤ ᠨᠠᠩ ᠥᠷᠭᠡᠨ ᠠᠭᠤᠳᠠᠮ ᠲᠣᠬᠢᠶᠠᠯ ᠬᠠᠩᠭ᠋ᠠᠬᠤ ᠬᠡᠷᠡᠭᠲᠡᠶ; ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠵᠤ᠂ ᠤᠰᠤ ᠠᠷᠪᠢᠯᠠᠬᠤ ᠬᠦᠴᠦᠨ ᠴᠢᠳᠠᠪᠤᠷᠢ ᠵᠢ ᠳᠡᠭᠡᠭᠰᠢᠯᠡᠭᠦᠯᠵᠦ᠂ ᠤᠰᠤ ᠠᠷᠪᠢᠯᠠᠬᠤ ᠬᠡᠯᠪᠡᠷᠢ ᠵᠢᠨ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ; ᠤᠷᠤᠯᠳᠤᠭ᠋ᠠᠨ᠎ᠤ ᠲᠠᠯ᠎ᠠ᠎ᠪᠠᠷ ᠬᠠᠮᠲᠤᠷᠠᠨ ᠬᠥᠳᠡᠯᠦᠯᠴᠡᠬᠦ ᠵᠢ ᠴᠢᠩᠭ᠋ᠠᠳᠬᠠᠵᠤ᠂ ᠲᠥᠷᠥᠯ ᠵᠦᠢ᠍ᠯ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠤᠮᠳᠠ ᠵᠡᠭᠦᠨ ᠪᠠᠷᠠᠭᠤᠨ ᠣᠷᠣᠨ᠎ᠤ ᠪᠡᠶ᠎ᠡ ᠵᠢᠨ ᠲᠠᠮᠢᠷ᠎ᠤᠨ ᠬᠦᠷᠢᠶᠡᠨ᠎ᠤ ᠵᠣᠬᠢᠴᠠᠩᠭᠤᠶ ᠬᠥᠭᠵᠢᠯᠲᠡ ᠵᠢ ᠠᠬᠢᠭᠤᠯᠬᠤ ᠬᠡᠷᠡᠭᠲᠡᠶ; ᠪᠡᠶ᠎ᠡ ᠵᠢᠨ ᠲᠠᠮᠢᠷ᠎ᠤᠨ ᠰᠣᠶᠣᠯ᠎ᠤᠨ ᠠᠭᠤᠯᠤᠭᠳᠠᠬᠤᠨ᠎ᠢ ᠠᠭᠤᠳᠠᠯᠵᠤ᠂ ᠪᠡᠶ᠎ᠡ ᠵᠢᠨ ᠲᠠᠮᠢᠷ᠎ᠤᠨ ᠤᠬᠠᠭᠤᠯᠭ᠎ᠠ ᠵᠢ ᠴᠢᠩᠭ᠋ᠠᠳᠬᠠᠵᠤ᠂ ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠠᠵᠢᠯ᠎ᠳᠤ ᠣᠷᠣᠯᠴᠠᠬᠤ ᠬᠡᠮᠵᠢᠶ᠎ᠡ᠂ ᠣᠶ᠋ᠢᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠨᠡᠩ ᠬᠠᠩᠭᠢᠨᠠᠭᠤᠯᠵᠤ᠂ ᠨᠡᠩ ᠴᠤᠤᠷᠢᠶᠠᠲᠤᠭᠤᠯᠬᠤ ᠬᠡᠷᠡᠭᠲᠡᠶ᠃
ᠬᠤᠷᠠᠯ᠎ᠠᠴᠠ ᠪᠠᠰᠠ 《ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ 〈ᠵᠢᠷᠭᠤᠭ᠋ᠠᠨ ᠠᠵᠢᠯᠯᠠᠭ᠎ᠠ〉 2025 ᠣᠨ᠎ᠤ ᠡᠭᠦᠷᠭᠡ ᠵᠢᠨ ᠨᠠᠷᠢᠨ ᠲᠠᠩᠰᠠ》 ᠵᠢ ᠬᠢᠨᠠᠨ ᠵᠥᠪᠯᠡᠵᠦ᠂ ᠡᠭᠦᠷᠭᠡ ᠵᠢᠨ ᠨᠠᠷᠢᠨ ᠲᠠᠩᠰᠠ ᠵᠢᠨ ᠵᠢᠷᠭᠤᠭ᠋ᠠᠨ ᠬᠡᠰᠡᠭ ᠨᠡᠶ᠋ᠢᠲᠡ 25 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠵᠢᠨ ᠲᠤᠬᠠᠶ ᠵᠦᠢ᠍ᠯ ᠳᠠᠷᠠᠭ᠋ᠠᠯᠠᠨ ᠰᠤᠳᠤᠯᠪᠠ᠃