ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ (ᠲᠣᠤᠷ ᠪᠥᠮᠪᠦᠭᠡ ᠵᠢᠨ ᠲᠥᠷᠥᠯ ᠵᠦᠢ᠍ᠯ) ᠵᠢᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ ᠶᠠᠪᠤᠭᠳᠠᠪᠠ
ᠨᠡᠶ᠋ᠢᠲᠡᠯᠡᠭᠰᠡᠨ ᠴᠠᠭ᠄ 2025-04-16

    ᠲᠣᠣᠷ ᠪᠥᠮᠪᠥᠭᠡ ᠵᠢᠨ ᠪᠡᠶ᠎ᠡ ᠵᠢᠨ ᠲᠠᠮᠢᠷ᠎ᠢ ᠳᠡᠯᠭᠡᠷᠡᠭᠦᠯᠦᠨ ᠲᠦᠭᠡᠮᠡᠯᠵᠢᠭᠦᠯᠬᠦ ᠦᠷ᠎ᠡ ᠪᠦᠲᠦᠮᠵᠢ ᠵᠢ ᠭᠦᠨᠵᠡᠭᠡᠢ᠍ᠷᠡᠭᠦᠯᠬᠦ ᠵᠢᠨ ᠲᠤᠰᠠᠳᠠ᠂ 4 ᠰᠠᠷ᠎ᠠ ᠵᠢᠨ 14᠎ᠤ ᠡᠳᠦᠷ᠎ᠠᠴᠠ 15᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠡᠢ᠍ᠭᠡᠮ᠎ᠤᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠲᠥᠪ᠎ᠠᠴᠠ ᠭᠣᠣᠯᠯᠠᠨ ᠡᠷᠬᠢᠯᠡᠵᠦ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ   ᠲᠠᠭ᠋ᠠᠭ᠋ᠠᠴᠢᠯᠠᠨ ᠡᠷᠬᠢᠯᠡᠵᠦ᠂ ᠬᠥᠬᠡᠬᠣᠲᠠ ᠵᠢᠨ ᠪᠢᠩ ᠱᠠᠩ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠡᠢ᠍ᠭᠡᠮᠯᠢᠭ᠎ᠤᠨ ᠬᠠᠮᠵᠢᠯᠴᠠᠨ ᠡᠷᠬᠢᠯᠡᠭᠰᠡᠨ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠍ᠭᠡᠮ᠎ᠤᠨ ᠪᠡᠶ᠎ᠡ ᠵᠢᠨ ᠲᠠᠮᠢᠷ᠎ᠤᠨ ᠵᠢᠯᠣᠭᠣᠳᠤᠭᠴᠢ (ᠲᠣᠣᠷ ᠪᠥᠮᠪᠥᠭᠡ ᠵᠢᠨ ᠲᠥᠷᠥᠯ ᠵᠦᠢ᠍ᠯ)᠎ᠤᠨ ᠮᠡᠷᠭᠡᠵᠢᠯ ᠴᠢᠳᠠᠪᠤᠷᠢ ᠵᠢ ᠳᠡᠭᠡᠭᠱ᠌ᠢᠯᠡᠭᠦᠯᠬᠦ ᠪᠣᠯᠪᠠᠰᠤᠷᠠᠯ ᠬᠥᠬᠡᠬᠣᠲᠠ᠎ᠳᠤ ᠶᠠᠪᠤᠭᠳᠠᠪᠠ᠃ ᠪᠦᠬᠦ ᠣᠷᠣᠨ᠎ᠤ ᠡᠯ᠎ᠡ ᠠᠶ᠋ᠢᠮᠠᠭ ᠬᠤᠲᠠ᠎ᠠᠴᠠ ᠢᠷᠡᠭᠰᠡᠨ ᠲᠣᠤᠷ ᠪᠥᠮᠪᠥᠭᠡᠨ᠎ᠳᠤ ᠪᠠᠭ᠍ᠠᠲᠠᠶ 90 ᠭᠠᠷᠤᠶ ᠬᠥᠮᠦᠰ᠂ ᠪᠡᠶ᠎ᠡ ᠵᠢᠨ ᠲᠠᠮᠢᠷ᠎ᠤᠨ ᠪᠠᠭᠰᠢ ᠵᠢᠴᠢ ᠺᠯᠦ᠋ᠪ᠎ᠤᠨ ᠰᠤᠷᠭ᠋ᠠᠭᠴᠢ ᠣᠷᠣᠯᠴᠠᠪᠠ᠃


    ᠲᠣᠰ ᠤᠳᠠᠭ᠋ᠠᠨ᠎ᠤ ᠪᠤᠯᠪᠠᠰᠤᠷᠠᠯ᠎ᠨᠢ ᠲᠤᠰᠬᠠᠶ᠋ᠢᠵᠢᠭᠰᠠᠨ ᠴᠢᠳᠠᠪᠤᠷᠢ ᠵᠢᠨ ᠳᠡᠭᠡᠭᠰᠢᠯᠡᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ᠎ᠤᠨ ᠨᠢᠭᠡᠳᠦᠭᠡᠷ ᠳᠡᠰ᠎ᠤᠨ ᠰᠤᠷᠭ᠋ᠠᠭᠴᠢ ᠯᠢᠦ ᠵᠢᠨ ᠸᠧᠶ ᠵᠢ ᠲᠤᠰᠬᠠᠶ᠋ᠢᠯᠠᠨ ᠤᠷᠢᠵᠤ ᠬᠢᠴᠢᠶᠡᠯᠯᠡᠬᠦᠯᠪᠡ᠃ ᠬᠢᠴᠢᠶᠡᠯ᠎ᠳᠤ ᠲᠣᠤᠷ ᠪᠥᠮᠪᠦᠭᠡ ᠵᠢᠨ ᠬᠢᠨᠠᠭᠴᠢ ᠵᠢᠨ ᠲᠦᠷᠢᠮ᠎ᠤᠨ ᠵᠠᠳᠠᠯᠤᠯᠲᠠ᠂ ᠬᠥᠳᠡᠯᠭᠡᠭᠡᠨ᠎ᠤ ᠭᠡᠮᠲᠦᠯ᠎ᠤᠨ ᠰᠡᠷᠭᠡᠶ᠋ᠢᠯᠡᠯᠲᠡ ᠵᠢᠨ ᠭᠤᠤᠯᠳᠠᠯᠭ᠎ᠠ᠂ ᠣᠯᠠᠨ ᠬᠡᠮᠵᠢᠯᠳᠦ ᠵᠢᠭ᠋ᠠᠨ ᠰᠤᠷᠭ᠋ᠠᠯᠲᠠ ᠵᠢᠨ ᠠᠷᠭ᠎ᠠ ᠵᠢᠨ ᠦᠢ᠍ᠯᠡᠳᠦᠯᠭᠡ ᠵᠢ ᠬᠠᠮᠤᠷᠬᠤ ᠵᠢᠨ ᠬᠠᠮᠲᠤ ᠳᠤᠭᠤᠶ᠋ᠢᠯᠠᠩ ᠬᠤᠪᠢᠶᠠᠨ ᠰᠣᠷᠢᠯᠲᠠ᠎ᠪᠠᠷ   ᠪᠠᠳᠤᠵᠢᠭᠤᠯᠪᠠ᠃


    ᠲᠣᠰ ᠤᠳᠠᠭ᠋ᠠᠨ᠎ᠤ ᠪᠤᠯᠪᠠᠰᠤᠷᠠᠯ᠎ᠨᠢ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ ᠵᠢᠨ ᠲᠤᠰᠬᠠᠶ᠋ᠢᠵᠢᠭᠰᠠᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠰᠢᠨ᠎ᠡ ᠱᠠᠲᠤᠨ᠎ᠳᠤ ᠣᠷᠣᠬᠤ ᠵᠢ ᠠᠬᠢᠭᠤᠯᠵᠤ᠂ ᠪᠠᠷᠢᠮᠵᠢᠶᠠᠵᠢᠭᠤᠯᠤᠭᠰᠠᠨ ᠪᠤᠯᠪᠠᠰᠤᠷᠠᠯ᠎ᠤᠨ ᠰᠢᠰᠲᠸᠮ᠎ᠢ ᠪᠠᠶ᠋ᠢᠭᠤᠯᠬᠤ᠂ ᠰᠢᠨᠵᠢᠯᠡᠬᠦ   ᠤᠬᠠᠭ᠋ᠠᠨᠴᠢ ᠰᠢᠨ᠎ᠡ ᠵᠢ ᠡᠭᠦᠳᠬᠦ ᠠᠷᠭ᠎ᠠ ᠪᠠᠷᠢᠯ ᠵᠶ᠋ᠠᠷ ᠳᠠᠮᠵᠢᠭᠤᠯᠤᠨ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠶ ᠠᠭᠤᠰᠤᠯᠴᠠᠯ᠎ᠢ ᠦᠷᠭᠦᠯᠵᠢᠯᠡᠨ ᠠᠬᠢᠭᠤᠯᠬᠤ ᠵᠢᠨ ᠲᠥᠯᠥᠭᠡ ᠶᠤᠮ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ 2025 ᠣᠨ᠎ᠤ 6 ᠳ᠋ᠤᠭ᠋ᠠᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠦᠪᠦᠷ ᠮᠤᠩᠭᠤᠯ᠎ᠤᠨ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠨᠠᠢ᠌ᠷ ᠡᠬᠢᠯᠡᠪᠡ
ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠠᠢ᠌ᠴᠢᠯᠠᠯᠳᠠ ᠵᠢᠨ ᠶᠡᠬᠡ ᠬᠤᠷᠠᠯ ᠪᠤᠯᠪᠠ
ᠠᠢ ᠯᠢ ᠬᠤᠸᠠ ᠲᠡᠳ᠋ ᠲᠡᠷᠢᠭᠦᠯᠡᠭᠴᠢ ᠮᠠᠨ᠎ᠤ ᠤᠷᠤᠨ᠎ᠤ ᠲᠡᠯᠡᠬᠡᠢ ᠵᠢᠨ ᠡᠮᠡᠭᠳᠡᠢ ᠵᠢᠨ ᠪᠤᠤᠺᠰ᠎ᠤᠨ ᠠᠪᠤᠷᠭᠤ ᠨᠡᠷ᠎ᠢ ᠬᠦᠯᠢᠶᠡᠨ ᠠᠪᠴᠦ ᠠᠭᠤᠯᠵᠠᠯ᠎ᠠ
ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠤᠨ ᠬᠤᠷᠠᠯᠳᠤᠭ᠋ᠠᠨ ᠬᠤᠷᠠᠯᠳᠤᠪᠠ
 
            