ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠤᠯᠠᠭ᠋ᠠᠨᠴᠠᠪ ᠬᠤᠲᠠ ᠵᠢᠨ ᠮᠥᠰᠥ ᠴᠠᠰᠤᠨ᠎ᠤ ᠵᠢᠭᠤᠯᠴᠢᠯᠠᠯ ᠬᠦᠭᠵᠢᠶᠠᠨᠲᠠᠢ ᠪᠠᠢ᠌ᠨ᠎ᠡ
ᠨᠡᠶ᠋ᠢᠲᠡᠯᠡᠭᠰᠡᠨ ᠴᠠᠭ᠄ 2020-01-07

    12 ᠰᠠᠷ᠎ᠠ ᠵᠢᠨ 30᠎ᠤ ᠡᠳᠦᠷ᠎ᠤᠨ ᠦᠳᠡ ᠵᠢᠨ ᠡᠮᠦᠨ᠎ᠡ᠂ ᠤᠯᠠᠭ᠋ᠠᠨᠴᠠᠪ ᠲᠦᠷᠭᠡᠨ᠎ᠤ ᠲᠡᠮᠤᠷ ᠵᠠᠮ᠎ᠤᠨ ᠭᠠᠯᠳᠤ ᠲᠡᠷᠭᠡᠨ ᠦᠷᠳᠡᠭᠡᠨ᠎ᠳᠤ ᠤᠯᠠᠨ ᠬᠦᠮᠦᠨ᠎ᠤ ᠴᠤᠭᠯᠠᠭ᠋ᠠᠨ ᠪᠤᠯᠵᠤ ᠬᠦᠭᠵᠢᠶᠠᠨ ᠨᠠᠷᠬᠢᠶᠠᠨ ᠵᠶ᠋ᠠᠷ ᠪᠢᠯᠬᠠᠨ᠎ᠠ᠃
    ᠦᠳᠡ ᠵᠢᠨ ᠡᠮᠥᠨᠡᠬᠢ 11 ᠴᠠᠭ 16 ᠮᠢᠨᠦ᠋ᠲ᠎ᠲᠤ᠂ ᠪᠡᠭᠡᠵᠢᠩ ᠬᠤᠲᠠ ᠵᠢᠨ 150 ᠵᠢᠭᠤᠯᠴᠢᠯᠠᠭᠰᠡᠳ᠎ᠢ ᠠᠴᠢᠭᠰᠠᠨ ᠪᠡᠭᠡᠵᠢᠩ᠎ᠠᠴᠠ ᠬᠥᠬᠡᠬᠤᠲᠠ ᠬᠦᠷᠬᠦ ᠲᠦᠷᠭᠡᠨ᠎ᠤ ᠲᠡᠮᠦᠷ ᠵᠠᠮ ᠵᠢᠴᠢ ᠤᠯᠠᠭ᠋ᠠᠨᠴᠠᠪ᠎ᠤᠨ ᠲᠦᠷᠭᠡᠨ᠎ᠤ ᠲᠡᠮᠦᠷ ᠵᠠᠮ᠎ᠤᠨ ᠮᠥᠰᠥ ᠴᠠᠰᠤᠨ᠎ᠤ ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠠᠩᠬᠠᠳᠠᠭᠴᠢ ᠲᠤᠰᠬᠠᠶ ᠭᠠᠯᠲᠤ ᠲᠡᠷᠭᠡ ᠤᠯᠠᠭ᠋ᠠᠨᠴᠠᠪ ᠥᠷᠲᠡᠭᠡ᠎ᠳᠤ ᠠᠯᠭᠤᠷᠬᠠᠨ ᠤᠷᠤᠵᠤ ᠢᠷᠡᠬᠦ ᠵᠢ ᠲᠠᠭ᠋ᠠᠯᠳᠤᠨ ᠤᠯᠠᠭ᠋ᠠᠨᠴᠠᠪ ᠬᠤᠳᠡ ᠵᠢᠨ ᠡᠪᠦᠯ᠎ᠤᠨ ᠤᠯᠠᠷᠢᠯ᠎ᠤᠨ ᠮᠥᠰᠥ ᠴᠠᠰᠤᠨ᠎ᠤ ᠵᠢᠭᠤᠯᠴᠢᠯᠠᠯ᠎ᠤᠨ ᠨᠡᠶ᠋ᠢᠷ ᠬᠦᠰᠢᠭᠡ᠎ᠪᠠᠨ ᠢᠷᠠᠯ᠎ᠠ᠃
    ᠨᠡᠶ᠋ᠢᠰᠯᠡᠯ ᠪᠡᠭᠡᠵᠢᠩ ᠵᠡᠷᠭᠡ ᠭᠠᠵᠠᠷ᠎ᠠᠴᠠ ᠢᠷᠡᠭᠰᠡᠨ᠂ ᠪᠡᠭᠡᠵᠢᠩ — ᠤᠯᠠᠭ᠋ᠠᠨᠴᠠᠪ ᠬᠦᠷᠬᠦ ᠲᠦᠷᠭᠡᠨ᠎ᠤ ᠲᠡᠮᠦᠷ ᠵᠠᠮ᠎ᠤᠨ ᠮᠥᠰᠥ ᠴᠠᠰᠤᠨ᠎ᠤ ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠲᠤᠰᠬᠠᠶ ᠭᠠᠯᠲᠤ ᠲᠡᠷᠭᠡᠨ᠎ᠳᠤ ᠰᠠᠭᠤᠭᠰᠠᠨ 150 ᠭᠠᠷᠤᠶ ᠵᠢᠭᠤᠯᠴᠢᠯᠠᠭᠰᠡᠳ ᠪᠠ 《ᠬᠠᠮᠤᠭ᠎ᠤᠨ ᠭᠤᠶᠤ ᠲᠡᠮᠦᠷ ᠵᠠᠮ᠎ᠢ ᠡᠷᠢᠯᠬᠢᠯᠠᠨ · ᠵᠠᠭᠤᠨ ᠵᠢᠯ᠎ᠤᠨ ᠪᠡᠭᠡᠵᠢᠩ ᠰᠦᠶᠶᠤᠸᠠᠨ᠎ᠢ ᠰᠤᠷᠪᠤᠯᠵᠢᠯᠠᠬᠤ》 ᠠᠵᠢᠯᠯᠠᠭ᠎ᠠ ᠵᠢᠴᠢ ᠤᠯᠠᠭ᠋ᠠᠨᠴᠠᠪ᠎ᠤᠨ ᠵᠠᠯᠠᠭᠤᠴᠤᠳ᠎ᠤᠨ 《ᠲᠦᠷᠭᠡᠨ᠎ᠤ ᠲᠡᠮᠦᠷ ᠵᠠᠮ᠎ᠤᠨ ᠴᠠᠭ ᠦᠶ᠎ᠡ᠎ᠲᠠᠢ ᠲᠤᠬᠢᠶᠠᠯᠳᠤᠭᠰᠠᠨ》 ᠰᠡᠳᠬᠢᠯ ᠲᠤᠭᠳᠤᠯᠤᠭᠰᠠᠨ ᠵᠢᠭᠤᠯᠴᠢᠯᠠᠯ᠎ᠤᠨ ᠠᠵᠢᠯᠯᠠᠭ᠎ᠠ ᠵᠢᠨ ᠪᠦᠯᠬᠦᠮ᠎ᠢ ᠤᠯᠠᠭ᠋ᠠᠨᠴᠠᠪ᠎ᠤᠨ᠎ᠬᠢᠨ ᠲᠤᠰᠬᠠᠢ ᠤᠭᠳᠤᠬᠤ ᠶᠤᠰᠤᠯᠠᠯ ᠬᠢᠵᠥ ᠬᠠᠯᠠᠭᠤᠨ ᠵᠶ᠋ᠠᠷ ᠤᠭᠲᠤᠪᠠ᠃


    《ᠤᠯᠠᠭ᠋ᠠᠨᠴᠠᠪ᠎ᠤᠨ ᠲᠠᠯ᠎ᠠ ᠨᠤᠲᠤᠭ ᠦᠨᠡᠭᠡᠷ ᠭᠤᠶᠤ᠂ ᠦᠡᠭᠭᠡᠷᠡᠭᠰᠡᠨ᠎ᠳᠤ ᠭᠠᠯᠲᠤ ᠲᠡᠷᠭᠡᠨ᠎ᠳᠤ ᠰᠠᠭᠤᠵᠤ ᠤᠯᠠᠭ᠋ᠠᠨᠴᠠᠪ᠎ᠲᠤ ᠢᠷᠡᠪᠡᠯ 7 ᠴᠠᠭ ᠭᠠᠷᠤᠶ ᠴᠠᠭ ᠬᠡᠷᠡᠭᠰᠡᠵᠥ ᠪᠠᠶ᠋ᠢᠪᠠ᠃ ᠣᠳᠣ ᠰᠠᠶ᠋ᠢᠨ ᠪᠣᠯᠤᠯ᠎ᠠ᠂ ᠬᠤᠶᠠᠷ ᠴᠠᠭ ᠪᠣᠯᠤᠯ ᠦᠭᠡᠢ ᠬᠦᠷᠦᠭᠡᠳ ᠢᠷᠡᠴᠢᠬᠡᠯ᠎ᠠ᠂ ᠭᠠᠷᠠᠭ᠎ᠤᠨ ᠰᠡᠭᠦᠯᠴᠢ ᠵᠢᠨ ᠬᠤᠶᠠᠷ ᠡᠳᠦᠷ᠎ᠤᠨ ᠳᠣᠲᠣᠷ᠎ᠠ ᠠᠳᠡᠬᠢ ᠮᠥᠰᠥ ᠴᠠᠰᠤᠨ᠎ᠤ ᠨᠠᠭ᠋ᠠᠳᠤᠮ᠂ ᠰᠣᠶᠣᠯ ᠵᠠᠩ ᠦᠢ᠍ᠯᠡ ᠵᠢ ᠪᠡᠶᠡᠴᠢᠯᠡᠨ ᠤᠢ᠍ᠢ᠍ᠯᠠᠭ᠋ᠠᠵᠤ ᠪᠤᠯᠤᠨ᠎ᠠ》 ᠬᠡᠵᠤ ᠪᠡᠭᠡᠵᠢᠩ᠎ᠤᠨ ᠵᠢᠭᠤᠯᠴᠢᠯᠠᠭᠴᠢ ᠯᠢᠦ ᠾᠧ ᠵᠢᠦᠸᠠᠨ ᠶᠠᠷᠢᠨ᠎ᠠ᠃
    ᠠᠩᠬᠠᠳᠤᠭ᠋ᠠᠷ ᠡᠭᠡᠯᠵᠢ ᠵᠢᠨ ᠵᠢᠭᠤᠯᠴᠢᠯᠠᠯ᠎ᠤᠨ ᠲᠤᠰᠬᠠᠶ ᠭᠠᠯᠲᠤ ᠲᠡᠷᠭᠡᠨ᠎ᠳᠤ ᠰᠠᠭᠤᠭᠰᠠᠨ ᠵᠢᠭᠤᠯᠴᠢᠯᠠᠭᠰᠡᠳ᠂ ᠤᠯᠠᠭ᠋ᠠᠨᠴᠠᠪ ᠬᠤᠲᠠ ᠵᠢᠨ ᠳᠠᠭ᠎ᠠ ᠵᠢᠨ ᠨᠠᠭᠤᠷ᠎ᠤᠨ ᠣᠯᠠᠨ ᠤᠯᠤᠰ᠎ᠤᠨ ᠴᠠᠰᠤᠨ᠎ᠳᠤ ᠴᠠᠨᠠᠯᠠᠬᠤ ᠲᠠᠯᠠᠪᠠᠢ᠂ ᠳ᠋ᠠ ᠾᠧ ᠸᠠᠨ᠎ᠤ ᠴᠠᠰᠤᠨ᠎ᠳᠤ ᠴᠠᠨᠠᠯᠠᠬᠤ ᠲᠠᠯᠠᠪᠠᠢ᠂ ᠵᠢᠨᠢᠩ᠎ᠤᠨ ᠳᠠᠶ᠋ᠢᠯᠠᠯᠳᠤᠭ᠋ᠠᠨ᠎ᠤ ᠬᠤᠪᠢᠰᠬᠠᠯ᠎ᠤᠨ ᠳᠤᠷᠠᠰᠬᠠᠯ᠎ᠤᠨ ᠬᠦᠷᠢᠶᠡᠯᠡᠩ᠂ ᠵᠢᠨᠢᠩ᠎ᠤᠨ ᠣᠯᠠᠨ ᠤᠯᠤᠰ᠎ᠤᠨ ᠠᠷᠠᠰᠤᠨ ᠡᠳ᠋ᠯᠠᠯ᠎ᠤᠨ ᠬᠤᠲᠠ᠂ ᠰᠢᠦᠸᠠᠢ ᠶᠤᠸᠠᠨ ᠰᠦᠨ᠎ᠤ ᠦᠶᠯᠡᠰ ᠵᠡᠷᠭᠡ ᠭᠤᠤᠯᠳᠠᠯᠭ᠎ᠠ᠎ᠲᠠᠢ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠡᠬᠢ ᠪᠠᠶᠠᠯᠢᠭ ᠪᠣᠯᠤᠨ ᠪᠦᠲᠦᠭᠡᠭᠳᠡᠬᠦᠨ᠎ᠢ ᠲᠣᠭᠤᠷᠢᠨ ᠦᠵᠡᠵᠦ᠂ ᠠᠶᠠᠯᠠᠯ᠎ᠨᠢ ᠮᠥᠰᠥ ᠴᠠᠰᠤ᠂ ᠬᠠᠯᠠᠭᠤᠨ ᠷᠠᠰᠢᠶᠠᠨ᠂ ᠠᠷᠠᠳ᠎ᠤᠨ ᠵᠠᠩ ᠵᠠᠩᠰᠢᠯ᠂ ᠬᠤᠪᠢᠰᠬᠠᠯᠳᠤ ᠰᠣᠶᠣᠯ᠂ ᠠᠮᠲᠠᠲᠤ ᠢᠳᠡᠭᠡᠨ᠂ ᠠᠷᠠᠰᠤᠨ ᠡᠳ᠋ᠯᠠᠯ ᠪᠠ ᠴᠠᠭ᠋ᠠᠨ ᠰᠠᠷ᠎ᠠ ᠵᠢᠨ ᠪᠠᠷᠠᠭ᠎ᠠ ᠵᠢ ᠬᠠᠮᠤᠷᠴᠠᠢ᠃
    ᠤᠯᠠᠭ᠋ᠠᠨᠴᠠᠪ᠎ᠤᠨ ᠶᠠᠳᠠᠭᠤ ᠵᠢ ᠲᠡᠳᠬᠦᠬᠦ ᠵᠢᠭᠤᠯᠴᠢᠯᠠᠯ᠎ᠤᠨ ᠲᠤᠰᠬᠠᠶ ᠭᠠᠯᠳᠤ ᠲᠡᠷᠭᠡᠨ᠎ᠤ ᠵᠤᠬᠢᠶᠠᠨ ᠪᠠᠶ᠋ᠢᠭᠤᠯᠤᠭᠴᠢ ᠰᠦᠨ ᠢᠦᠶ᠄ 《ᠪᠡᠭᠡᠵᠢᠩ ᠬᠤᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠵᠢᠭᠤᠯᠴᠢᠯᠠᠯ᠎ᠳᠤ ᠤᠢ᠍ᠢ᠍ᠯᠡᠴᠢᠯᠡᠬᠦ ᠭᠠᠵᠠᠷ᠎ᠤᠨ ᠪᠦᠯᠦᠭᠯᠡᠯ᠎ᠤᠨ ᠬᠢᠵᠠᠭ᠋ᠠᠷᠲᠤ ᠺᠤᠮᠫᠠᠨᠢ ᠵᠢᠴᠢ ᠬᠥᠬᠡᠬᠤᠲᠡ ᠵᠢᠨ ᠲᠡᠮᠦᠷ ᠵᠠᠮ᠎ᠤᠨ ᠲᠣᠪᠴᠢᠶ᠎ᠠ ᠵᠢᠨ ᠵᠢᠭᠤᠯᠴᠢᠯᠠᠯ ᠵᠡᠷ ᠮᠡᠳᠡᠭᠡᠨ᠎ᠤ ᠺᠣᠮᠫᠠᠨᠢ ᠵᠢᠨ ᠬᠦᠴᠦᠲᠡᠶ ᠳᠡᠮᠵᠢᠯᠭᠡ ᠳᠣᠤᠷ᠎ᠠ᠂ 〈ᠪᠡᠭᠡᠵᠢᠩ — ᠤᠯᠠᠭ᠋ᠠᠨᠴᠠᠪ᠎ᠤᠨ ᠵᠢᠭᠤᠯᠴᠢᠯᠠᠯ᠎ᠤᠨ ᠲᠤᠰᠬᠠᠶ ᠭᠠᠯᠲᠤ ᠲᠡᠷᠭᠡ〉 ᠪᠡᠭᠡᠵᠢᠩ ᠪᠤᠯᠤᠨ ᠥᠪᠥᠷ ᠮᠣᠩᠭᠤᠯ᠎ᠤᠨ ᠵᠢᠭᠤᠯᠴᠢᠯᠠᠯ᠎ᠤᠨ ᠣᠷᠣᠨ ᠪᠦᠰᠡ ᠵᠢᠨ ᠵᠢᠭᠤᠯᠴᠢᠯᠠᠯ᠎ᠤᠨ ᠬᠠᠮᠲᠤᠷᠠᠯᠴᠠᠭ᠎ᠠ ᠪᠠ ᠨᠥᠬᠦᠷᠯᠡᠯ ᠪᠠᠶ᠋ᠢᠭᠤᠯᠬᠤ 〈ᠰᠡᠳᠬᠢᠯ᠎ᠢ ᠬᠤᠯᠪᠤᠭᠰᠠᠨ ᠲᠡᠷᠭᠡ〉 ᠪᠣᠯᠤᠭᠰᠠᠨ ᠪᠠᠶ᠋ᠢᠨ᠎ᠠ》 ᠬᠡᠵᠤ ᠶᠠᠷᠢᠵᠠᠢ᠃
    ᠣᠶ᠋ᠢᠯᠠᠭ᠋ᠠᠭᠰᠠᠨ ᠵᠶ᠋ᠠᠷ᠂ ᠤᠢ᠍ᠢ᠍ᠷ᠎ᠠ ᠵᠢᠨ ᠵᠢᠯ᠎ᠳᠤ᠂ ᠤᠯᠠᠭ᠋ᠠᠨᠴᠠᠪ ᠬᠤᠲᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠵᠠᠮ ᠬᠠᠷᠢᠯᠴᠠᠭ᠎ᠠ ᠠᠭᠤᠷ ᠠᠮᠢᠰᠬᠤᠯ ᠵᠢᠴᠢ ᠵᠢᠭᠤᠯᠴᠢᠯᠠᠯ᠎ᠤᠨ ᠡᠬᠢ ᠪᠠᠶᠠᠯᠢᠭ ᠵᠡᠷᠭᠡ ᠳᠠᠪᠠᠭᠤᠯᠢᠭ᠎ᠲᠠᠭᠠᠨ ᠲᠦᠰᠢᠭᠯᠡᠨ᠂ ᠪᠡᠭᠡᠵᠢᠩ ᠬᠤᠲᠠ ᠴᠢᠭᠤᠯᠤᠯᠲᠤ ᠬᠠᠭ᠋ᠠᠯᠭ᠎ᠠ ᠬᠤᠳᠡ ᠵᠢᠨ ᠬᠠᠮᠲᠤᠷᠠᠨ ᠡᠷᠬᠢᠯᠡᠬᠦ 2022 ᠤᠨ᠎ᠤ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠯᠤᠲᠤ ᠶᠡᠭᠡ ᠵᠠᠬ᠎ᠠ ᠳᠡᠯᠭᠡᠭᠦᠷ᠎ᠤᠨ ᠠᠵᠠ ᠲᠣᠬᠢᠶᠠᠯ᠎ᠢ ᠠᠮᠵᠢᠵᠤ᠂ ᠮᠥᠰᠥ ᠴᠠᠰᠤᠨ᠎ᠤ ᠵᠢᠭᠤᠯᠴᠢᠯᠠᠯ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠵᠢᠭᠤᠯᠴᠢᠯᠠᠯ᠎ᠢ ᠶᠡᠭᠡ᠎ᠪᠠᠷ ᠬᠥᠭᠵᠢᠭᠦᠯᠵᠦ᠂ 《ᠵᠢᠭᠤᠯᠴᠢᠯᠠᠯ +》 ᠪᠠᠶ᠋ᠢᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠠᠬᠢᠭᠤᠯᠵᠤ᠂ ᠳᠠᠭ᠎ᠠ ᠵᠢᠨ ᠨᠠᠭᠤᠷ᠎ᠤᠨ ᠣᠯᠠᠨ ᠤᠯᠤᠰ᠎ᠤᠨ ᠴᠠᠰᠤᠨ᠎ᠳᠤ ᠴᠠᠨᠠᠯᠠᠬᠤ ᠲᠠᠯᠠᠪᠠᠢ ᠵᠡᠷᠭᠡ ᠭᠤᠣᠯᠳᠠᠯᠭ᠎ᠠ᠎ᠲᠠᠢ ᠲᠥᠷᠦᠯ ᠵᠦᠢ᠍ᠯ᠎ᠢ ᠪᠦᠲᠦᠭᠡᠨ ᠪᠠᠶ᠋ᠢᠭᠤᠯᠪᠠ᠃
    ᠤᠯᠠᠭ᠋ᠠᠨᠴᠠᠪ᠎ᠤᠨ ᠮᠥᠰᠥ ᠴᠠᠰᠤᠨ᠎ᠤ ᠤᠷᠠᠯᠢᠭ᠎ᠤᠨ ᠨᠠᠶ᠋ᠢᠷ᠂ ᠴᠠᠬᠠᠷ᠎ᠤᠨ ᠡᠪᠦᠯ᠎ᠤᠨ ᠤᠯᠠᠷᠢᠯ᠎ᠤᠨ ᠮᠠᠰᠢᠨ ᠲᠡᠷᠭᠡᠨ᠎ᠤ ᠬᠡᠭᠡᠷᠡᠯᠡᠬᠦ ᠤᠷᠤᠯᠳᠤᠭ᠋ᠠᠨ᠂ ᠠᠷᠠᠳ᠎ᠤᠨ ᠵᠠᠩ ᠤᠢ᠍ᠢ᠍ᠯᠠ ᠵᠢᠨ ᠤᠨ᠎ᠤ ᠬᠤᠷᠠᠯ ᠵᠡᠷᠭᠡ ᠪᠠᠶᠠᠷ ᠳᠤᠷᠠᠰᠬᠠᠯ ᠪᠠ ᠨᠠᠶ᠋ᠢᠷ ᠨᠠᠭ᠋ᠠᠳᠤᠮ᠂ ᠠᠷᠠᠰᠤᠨ ᠡᠳ᠋ᠯᠠᠯ ᠬᠤᠳᠠᠯᠳᠤᠨ ᠠᠪᠬᠤ + ᠴᠠᠰᠤᠨ᠎ᠳᠤ ᠴᠠᠨᠠᠯᠠᠬᠤ + ᠬᠠᠯᠠᠭᠤᠨ ᠷᠠᠰᠢᠶᠠᠨ + ᠠᠷᠠᠳ᠎ᠤᠨ ᠵᠠᠩ ᠤᠢ᠍ᠢ᠍ᠯᠠ + ᠠᠮᠲᠠᠲᠤ ᠢᠳᠡᠭᠡᠨ ᠵᠡᠷᠭᠡ ᠡᠯᠪᠡᠭ ᠪᠠᠶᠠᠯᠢᠭ ᠣᠯᠠᠨ ᠶᠠᠩᠵᠤ ᠵᠢᠨ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠭᠠᠷᠭ᠋ᠠᠵᠤ᠂ 《ᠪᠡᠭᠡᠵᠢᠩ — ᠤᠯᠠᠭ᠋ᠠᠨᠴᠠᠪ ᠲᠦᠷᠭᠡᠨ᠎ᠤ ᠲᠡᠮᠦᠷ ᠵᠠᠮ᠎ᠤᠨ ᠮᠥᠰᠥ ᠴᠠᠰᠤᠨ᠎ᠤ ᠵᠢᠭᠤᠯᠴᠢᠯᠠᠯ ᠵᠶ᠋ᠠᠷ ᠶᠠᠳᠠᠭᠤ ᠵᠢ ᠲᠡᠳᠬᠦᠬᠦ ᠲᠤᠰᠬᠠᠶ ᠭᠠᠯᠲᠤ ᠲᠡᠷᠭᠡ》 ᠵᠢ ᠨᠡᠪᠲᠡᠷᠡᠭᠦᠯᠵᠡᠢ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠪᠠᠭ᠋ᠠᠴᠤᠳ᠎ᠤᠨ ᠤᠤᠭ᠋ᠠᠨ ᠬᠦᠯ ᠪᠦᠮᠪᠦᠭᠡ ᠵᠢᠨ ᠠᠩᠭᠢ ᠬᠦᠬᠡᠬᠤᠳᠠ ᠵᠢᠨ ᠮᠤᠩᠭᠤᠯ ᠦᠨᠳᠦᠰᠦᠳᠡᠨ᠎ᠤ ᠰᠤᠷᠭ᠋ᠠᠭᠤᠯᠢ᠎ᠳᠤ ᠰᠠᠭᠤᠷᠢᠰᠢᠵᠠᠢ
ᠬᠥᠬᠡᠬᠤᠲᠠ ᠵᠢᠨ ᠰᠦᠯᠵᠢᠶᠡᠨ ᠳᠡᠭᠡᠷᠡᠬᠢ ᠮᠠᠷᠠᠽᠤᠨ ᠤᠷᠤᠯᠳᠤᠭ᠋ᠠᠨ ᠡᠬᠢᠯᠡᠵᠡᠢ
ᠣᠷᠳᠣᠰ ᠬᠤᠳᠠ ᠵᠢᠨ ᠮᠥᠰᠣ ᠴᠠᠰᠣᠨ᠎ᠤ ᠨᠠᠭ᠋ᠠᠳᠣᠮ ᠡᠬᠢᠯᠡᠪᠡ
ᠬᠦᠬᠡᠬᠤᠳᠠ ᠪᠡᠶ᠎ᠡ ᠵᠢᠨ ᠲᠠᠮᠢᠷ᠎ᠤᠨ ᠬᠦᠭᠵᠢᠯᠳᠡ ᠵᠢᠨ ᠦᠷ᠎ᠡ ᠪᠦᠳᠦᠭᠡᠯ᠎ᠢ ᠠᠷᠠᠳ ᠤᠯᠠᠨ᠎ᠳᠤ ᠬᠦᠷᠳᠡᠭᠡᠵᠦ ᠪᠤᠢ
ᠤᠯᠠᠮᠵᠢᠯᠠᠯᠲᠤ ᠠᠳᠤᠭᠤᠨ ᠰᠣᠶᠤᠯ᠎ᠤᠨ ᠦᠵᠡᠰᠭᠦᠯᠡᠩ ᠬᠦᠬᠡᠬᠤᠲᠠ᠎ᠳᠤ ᠶᠠᠪᠤᠭᠳᠠᠯ᠎ᠠ
 
            