5 ᠰᠠᠷ᠎ᠠ ᠵᠢᠨ 1᠎ᠤ ᠠᠮᠠᠷᠠᠯᠳᠠ ᠵᠢᠨ ᠡᠳᠤᠷ᠂ ᠬᠥᠬᠡᠬᠤᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠤᠤᠯᠯᠠᠨ ᠡᠷᠬᠢᠯᠡᠭᠰᠡᠨ 《ᠲᠠᠪᠤᠨ ᠰᠠᠷ᠎ᠠ ᠵᠢᠨ ᠨᠢᠬᠡᠨ ᠵᠶ᠋ᠠᠨ ᠳᠤᠷᠠᠰᠬᠠᠬᠤ᠂ ᠬᠥᠬᠡᠬᠤᠳᠠ ᠵᠢᠨ ᠪᠡᠶ᠎ᠠ ᠵᠢᠨ ᠲᠠᠮᠢᠷ᠎ᠤᠨ ᠪᠠᠭ᠍ᠠᠳᠠᠳ ᠬᠢᠵᠢᠭ᠎ᠢ ᠰᠡᠷᠭᠡᠶ᠋ᠢᠯᠡᠨ ᠡᠵᠡᠮᠳᠡᠬᠦ》᠎ᠪᠠᠷ ᠭᠤᠤᠯ ᠰᠠᠳᠤᠪ ᠪᠤᠯᠭ᠋ᠠᠬᠰᠠᠨ ᠬᠥᠬᠡᠬᠤᠲᠠ ᠵᠢᠨ ᠰᠦᠯᠵᠢᠶᠡᠨ ᠳᠡᠭᠡᠷᠡᠬᠢ ᠮᠠᠷᠠᠽᠤᠨ ᠤᠷᠤᠯᠳᠤᠭ᠋ᠠᠨ᠎ᠤ ᠡᠬᠢᠯᠠᠯᠳᠠ ᠵᠢᠨ ᠶᠤᠰᠤᠯᠠᠯ ᠬᠥᠬᠡᠬᠤᠳᠠ ᠵᠢᠨ ᠠᠯᠳᠠᠢ ᠴᠡᠴᠡᠷᠯᠢᠭ᠎ᠲᠤ ᠶᠠᠪᠤᠬᠳᠠᠵᠠᠢ᠃ ᠲᠤᠰ ᠤᠳᠠᠭ᠎ᠠ ᠵᠢᠨ ᠮᠠᠷᠠᠽᠤᠨ ᠤᠷᠤᠯᠳᠤᠭ᠋ᠠᠨ᠎ᠤ ᠡᠯ ᠠ ᠲᠥᠷᠥᠯ᠎ᠤᠨ ᠤᠷᠤᠯᠳᠤᠭ᠋ᠠᠨ 5 ᠰᠠᠷ᠎ᠠ ᠵᠢᠨ 1 — 30᠎ᠤ ᠡᠳᠦᠷ ᠪᠣᠯᠲᠠᠯ᠎ᠠ ᠤᠷᠢᠳ ᠬᠤᠵᠢᠳ ᠶᠠᠪᠤᠬᠳᠠᠬᠤ ᠪᠤᠯᠤᠨ᠎ᠠ᠃
ᠣᠶ᠋ᠢᠯᠠᠭ᠋ᠠᠭᠰᠠᠨ ᠵᠶ᠋ᠠᠷ᠂ ᠲᠤᠰ ᠤᠳᠠᠭ᠎ᠠ ᠵᠢᠨ ᠤᠷᠤᠯᠳᠤᠭ᠋ᠠᠨ᠎ᠤ ᠲᠥᠷᠥᠯ᠎ᠳᠤ ᠪᠦᠬᠦ ᠵᠠᠮ᠎ᠤᠨ ᠮᠠᠷᠠᠽᠤᠨ (42.195 km)᠂ ᠬᠠᠭ᠋ᠠᠰ ᠵᠠᠮ᠎ᠤᠨ ᠮᠠᠷᠠᠽᠤᠨ (21.0975 km)᠂ 10 ᠺᠢᠯᠣᠮᠧᠳ᠋ᠷ (ᠣᠯᠠᠨ ᠨᠡᠶ᠋ᠢᠲᠡ ᠵᠢᠨ ᠳᠤᠭᠤᠢ᠍ᠢ᠍ᠯᠠᠩ) ᠪᠠ 5 ᠺᠢᠯᠣᠮᠧᠳ᠋ᠷ (ᠥᠢ᠍ᠷ᠎ᠠ ᠵᠠᠢ ᠵᠢᠨ ᠭᠦᠶᠦᠯᠲᠡ) ᠬᠡᠬᠦ 4 ᠳᠤᠭᠤᠢ᠍ᠢ᠍ᠯᠠᠩ ᠬᠤᠪᠢᠶᠠᠨ ᠶᠠᠪᠤᠬᠳᠠᠨ᠎ᠠ᠃ ᠤᠷᠤᠯᠳᠤᠭ᠋ᠠᠨ᠎ᠳᠤ ᠣᠷᠣᠯᠴᠠᠭᠰᠠᠳ᠎ᠤᠨ ᠭᠦᠶᠦᠯᠳᠠ ᠵᠢᠨ ᠲᠡᠯᠡᠪᠤᠷ ᠪᠠ ᠭᠦᠶᠦᠬᠦ ᠴᠠᠭ᠎ᠢ ᠬᠢᠵᠠᠭ᠋ᠠᠷᠯᠠᠬᠤ ᠦᠭᠡᠢ᠂ ᠬᠥᠳᠡᠯᠭᠡᠭᠡᠨ᠎ᠤ ᠴᠠᠭ᠎ᠤᠨ ᠬᠡᠪᠴᠢᠶᠡᠨ ᠳᠣᠲᠣᠷ᠎ᠠ᠂ ᠤᠷᠤᠯᠳᠤᠭ᠋ᠠᠨ᠎ᠳᠤ ᠣᠷᠣᠯᠴᠠᠭᠰᠠᠳ ᠭᠠᠷ ᠤᠲᠠᠰᠤᠨ ᠲᠡᠭᠡᠷᠡᠬᠢ ᠬᠥᠬᠡᠬᠤᠳᠠ ᠵᠢᠨ ᠮᠠᠷᠠᠽᠤᠨ ᠤᠷᠤᠯᠳᠤᠭ᠋ᠠᠨ᠎ᠤ ᠵᠥᠭᠡᠯᠡᠨ ᠲᠣᠨᠤᠭ (APP)᠎ᠢ ᠬᠡᠷᠡᠭᠯᠡᠵᠦ᠂ ᠨᠡᠷ᠎ᠡ ᠮᠡᠳᠡᠭᠦᠯᠬᠦ ᠶᠠᠪᠤᠴᠠ᠎ᠳᠤ ᠲᠤᠳᠤᠷᠬᠠᠢ᠍ᠢ᠍ᠯᠠᠬᠰᠠᠨ ᠬᠥᠶᠥᠯᠳᠠ ᠵᠢᠨ ᠵᠠᠶ ᠵᠢ ᠬᠥᠶᠥᠵᠥ ᠲᠠᠭᠤᠰᠪᠠᠯ ᠤᠷᠤᠯᠳᠤᠭ᠋ᠠᠨ᠎ᠢ ᠪᠡᠶᠡᠯᠡᠭᠦᠯᠦᠭᠰᠡᠨ ᠵᠶ᠋ᠠᠷ ᠪᠤᠳᠤᠨ᠎ᠠ᠃ ᠤᠷᠤᠯᠳᠤᠭ᠋ᠠᠨ ᠳᠠᠭᠤᠰᠤᠭᠰᠠᠨ᠎ᠤ ᠳᠠᠷᠠᠭ᠎ᠠ᠂ ᠲᠤᠭ᠎ᠠ ᠪᠠᠷᠢᠮᠲᠠ (ᠬᠥᠶᠥᠯᠳᠠ ᠵᠢᠨ ᠵᠠᠶ᠂ ᠭᠡᠷᠡᠭᠯᠡᠭᠰᠡᠨ ᠬᠤᠭᠤᠴᠠᠭ᠎ᠠ᠂ ᠠᠯᠬᠤᠮ ᠲᠤᠭ᠎ᠠ᠂ ᠵᠠᠮ ᠮᠥᠷ)᠎ᠢ ᠬᠥᠬᠡᠬᠤᠳᠠ ᠵᠢᠨ ᠪᠡᠶ᠎ᠠ ᠵᠢᠨ ᠲᠠᠮᠢᠷ᠎ᠤᠨ ᠲᠤᠪᠴᠢᠶ᠎ᠠ ᠵᠢᠨ ᠵᠢᠷᠬᠢᠶ᠎ᠠ ᠵᠢᠨ ᠨᠡᠶ᠋ᠢᠲᠡ ᠵᠢᠨ ᠳ᠋ᠤᠭ᠋ᠠᠷ᠎ᠲᠤ ᠬᠢᠷᠢ ᠪᠦᠲᠦᠮᠵᠢ᠎ᠪᠠᠨ ᠲᠠᠮᠵᠢᠭᠤᠯᠤᠨ᠎ᠠ᠃ ᠬᠢᠷᠢ ᠪᠥᠳᠥᠮᠵᠢ ᠪᠤᠯᠤᠨ ᠵᠢᠷᠤᠭ ᠳᠠᠮᠵᠢᠭᠤᠯᠬᠤ ᠬᠤᠭᠤᠴᠠᠭ᠎ᠠ ᠵᠢ 2020 ᠣᠨ᠎ᠤ 5 ᠰᠠᠷ᠎ᠠ ᠵᠢᠨ 31᠎ᠤ ᠡᠳᠦᠷ᠎ᠤᠨ 20 ᠴᠠᠬ ᠵᠶ᠋ᠠᠷ ᠬᠢᠵᠠᠭ᠋ᠠᠷᠯᠠᠬᠰᠠᠨ ᠪᠠᠶ᠋ᠢᠨ᠎ᠠ᠃