ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠦᠬᠡᠬᠤᠳᠠ ᠪᠡᠶ᠎ᠡ ᠵᠢᠨ ᠲᠠᠮᠢᠷ᠎ᠤᠨ ᠬᠦᠭᠵᠢᠯᠳᠡ ᠵᠢᠨ ᠦᠷ᠎ᠡ ᠪᠦᠳᠦᠭᠡᠯ᠎ᠢ ᠠᠷᠠᠳ ᠤᠯᠠᠨ᠎ᠳᠤ ᠬᠦᠷᠳᠡᠭᠡᠵᠦ ᠪᠤᠢ
ᠨᠡᠶ᠋ᠢᠲᠡᠯᠡᠭᠰᠡᠨ ᠴᠠᠭ᠄ 2021-03-01

    ᠣᠶ᠋ᠢᠷ᠎ᠠ ᠵᠢᠨ ᠵᠢᠯ᠎ᠳᠤ ᠬᠥᠬᠡᠬᠤᠲᠠ ᠵᠢᠨ ᠣᠯᠠᠨ ᠲᠦᠮᠡᠨᠴᠢ ᠪᠡᠶ᠎ᠡ ᠵᠢᠨ ᠲᠠᠮᠢᠷ ᠲᠣᠭᠲᠠᠭᠤᠨ ᠵᠶ᠋ᠠᠷ ᠬᠥᠭᠵᠢᠵᠦ᠂ ᠵᠡᠭᠡᠯᠢ ᠭᠤᠳᠤᠮᠵᠢ ᠨᠡᠶ᠋ᠢᠬᠡᠮ ᠲᠣᠭᠤᠷᠢᠭ ᠪᠤᠶᠤ ᠰᠢᠶᠠᠩ ᠪᠠᠯᠭ᠋ᠠᠰᠤ ᠲᠣᠰᠬᠤᠨ᠎ᠳᠤ ᠡᠯ᠎ᠡ ᠵᠦᠢ᠍ᠯ᠎ᠤᠨ ᠪᠡᠶ᠎ᠡ ᠴᠢᠭᠢᠷᠠᠭᠵᠢᠭᠤᠯᠬᠤ ᠪᠠᠭ᠋ᠠᠵᠢ ᠬᠡᠷᠡᠭᠰᠡᠯ ᠤᠷᠤᠭᠤᠯᠤᠭᠰᠠᠨ ᠵᠢᠴᠢ ᠪᠡᠶ᠎ᠡ ᠴᠢᠭᠢᠷᠠᠭᠵᠢᠭᠤᠯᠬᠤ ᠬᠥᠮᠦᠰ ᠤᠯᠠᠰᠢᠷᠡᠵᠥ᠂ ᠪᠡᠶ᠎ᠡ ᠴᠢᠭᠢᠷᠠᠭᠵᠢᠭᠤᠯᠬᠤ᠎ᠨᠢ ᠨᠢᠭᠡᠨᠲᠡ ᠨᠢᠭᠡ ᠵᠦᠢ᠍ᠯ᠎ᠤᠨ ᠰᠢᠨ᠎ᠡ ᠤᠷᠤᠰᠬᠠᠯ ᠪᠣᠯᠵᠤ ᠪᠤᠢ᠃
    ᠪᠦᠷᠢᠳᠬᠡᠯ᠎ᠢ ᠦᠨᠳᠦᠰᠦᠯᠡᠪᠡᠯ᠂ ᠣᠳᠣᠬᠠᠨ᠎ᠳᠤ ᠬᠦᠬᠡᠬᠤᠳᠠ ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠠᠯᠠᠪᠤᠷ ᠨᠡᠶ᠋ᠢᠳᠠ 3257 ᠪᠤᠯᠵᠥ᠂ ᠭᠡᠷ᠎ᠤᠨ ᠭᠠᠳᠠᠨᠠᠬᠢ ᠲᠠᠮᠢᠷ᠎ᠤᠨ ᠲᠠᠯᠠᠪᠠᠢ 12᠂ ᠲᠣᠮᠣ ᠬᠡᠯᠪᠡᠷᠢ ᠵᠢᠨ ᠲᠠᠮᠢᠷ᠎ᠤᠨ ᠲᠠᠯᠠᠪᠠᠢ 2᠂ ᠶᠡᠷᠦᠩᠬᠡᠶ᠋ᠢᠯᠡᠭᠰᠡᠨ ᠪᠡᠶ᠎ᠡ ᠵᠢᠨ ᠲᠠᠮᠢᠷ᠎ᠤᠨ ᠣᠷᠳᠣᠨ 1᠂ ᠪᠠᠷᠢᠮᠵᠢᠶᠠᠲᠤ ᠪᠡᠶ᠎ᠡ ᠵᠢᠨ ᠲᠠᠮᠢᠷ᠎ᠤᠨ ᠲᠠᠯᠠᠪᠠᠢ 13᠂ ᠰᠫᠥᠷᠲ᠎ᠤᠨ ᠲᠠᠮᠢᠷ᠎ᠤᠨ ᠣᠷᠳᠣᠨ 2᠂ ᠰᠫᠥᠷᠲ᠎ᠤᠨ ᠲᠠᠮᠢᠷ᠎ᠤᠨ ᠲᠠᠯᠠᠪᠠᠢ 85᠂ ᠪᠡᠶ᠎ᠡ ᠵᠢᠨ ᠲᠠᠮᠢᠷ᠎ᠤᠨ ᠣᠷᠳᠣᠨ 19᠂ ᠭᠡᠷ ᠳᠣᠲᠣᠷᠠᠬᠢ ᠤᠮᠪᠠᠯᠲᠠ ᠵᠢᠨ ᠣᠷᠳᠣᠨ 22᠂ ᠴᠢᠩᠭᠡᠯᠢᠭᠲᠦ ᠬᠥᠯ ᠪᠥᠮᠪᠦᠭᠡ ᠵᠢᠨ ᠲᠠᠯᠠᠪᠠᠶ 682 ᠪᠠᠶ᠋ᠢᠵᠤ᠂ ᠪᠡᠶ᠎ᠡ ᠵᠢᠨ ᠲᠠᠮᠢᠷ᠎ᠤᠨ ᠲᠠᠯᠠᠪᠠᠶ᠎ᠨᠢ 491.5 ᠲᠦᠮᠡᠨ ᠲᠡᠭᠰᠢ ᠳᠥᠷᠪᠡᠯᠵᠢᠨ ᠮᠧᠳ᠋ᠷ᠎ᠲᠤ ᠬᠦᠷᠴᠦ ᠪᠤᠢ᠃
ᠪᠦᠬᠦ ᠠᠷᠠᠳ ᠵᠶ᠋ᠠᠷ ᠵᠶ᠋ᠠᠨ ᠪᠡᠶ᠎ᠡ ᠴᠢᠭᠢᠷᠠᠭᠵᠢᠭᠤᠯᠬᠤ ᠵᠢᠨ ᠲᠤᠬᠠᠢ ᠭᠡᠪᠡᠯ᠂ ᠬᠦᠬᠡᠬᠤᠳᠠ ᠵᠢᠨ 《ᠨᠢᠭᠡ ᠱᠤᠭᠤᠮ ᠬᠤᠶᠠᠷ ᠪᠦᠰᠡ》᠎ᠪᠠᠷ ᠰᠡᠳᠬᠢᠮᠵᠢ ᠪᠣᠯᠭ᠋ᠠᠭᠰᠠᠨ ᠲᠠᠮᠢᠷ᠎ᠤᠨ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ ᠵᠢ ᠲᠣᠷᠠᠳᠬᠤ ᠤᠴᠢᠷᠳᠠᠢ᠃ 《ᠨᠢᠭᠡ ᠱᠤᠭᠤᠮ》 ᠪᠣᠯ ᠬᠤᠲᠠ ᠵᠢᠨ ᠲᠣᠭᠤᠷᠢᠭ᠎ᠤᠨ ᠭᠤᠣᠯ ᠵᠡᠭᠡᠯᠢ — ᠰᠢᠨᠬᠤᠸᠠ ᠶᠡᠭᠡ ᠵᠡᠭᠡᠯᠢ — ᠵᠥᠩ ᠱᠠᠨ ᠵᠠᠮ᠎ᠤᠨ ᠱᠤᠭᠤᠮ ᠪᠣᠯᠤᠨ᠎ᠠ᠃ ᠤᠯᠠᠭ᠋ᠠᠨᠬᠦᠤ ᠴᠡᠴᠡᠷᠯᠢᠭ᠂ ᠬᠦᠬᠡᠬᠤᠲᠡ ᠴᠡᠴᠡᠷᠯᠢᠭ᠂ ᠰᠢᠨᠬᠤᠸᠠ ᠠᠭᠤᠳᠠᠮ ᠲᠠᠯᠠᠪᠠᠢ᠂ ᠮᠠᠨᠳᠤᠬᠠᠶ ᠴᠡᠴᠡᠷᠯᠢᠭ᠂ ᠥᠪᠥᠷ ᠮᠣᠩᠭᠤᠯ᠎ᠤᠨ ᠦᠵᠡᠰᠭᠦᠯᠡᠩ᠎ᠤᠨ ᠣᠷᠳᠣᠨ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠲᠤ ᠲᠦᠰᠢᠭᠯᠡᠵᠦ᠂ ᠪᠡᠶ᠎ᠡ ᠵᠢᠨ ᠲᠠᠮᠢᠷ᠎ᠤᠨ ᠴᠡᠴᠡᠷᠯᠢᠭ ᠪᠠ ᠪᠡᠶ᠎ᠡ ᠴᠢᠭᠢᠷᠠᠭᠵᠢᠭᠤᠯᠬᠤ ᠲᠠᠯᠠᠪᠠᠢ ᠵᠢ ᠪᠠᠶ᠋ᠢᠭᠤᠯᠣᠨ ᠨᠡᠷᠡᠶ᠋ᠢᠳᠴᠦ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠯᠣᠭᠤᠳᠣᠭᠴᠢ ᠵᠢ ᠲᠣᠮᠢᠯᠠᠨ ᠰᠠᠭᠤᠯᠭ᠋ᠠᠵᠤ ᠪᠡᠶ᠎ᠡ ᠴᠢᠭᠢᠷᠠᠭᠵᠢᠭᠤᠯᠬᠤ ᠲᠠᠮᠢᠷ᠂ ᠬᠦᠷᠳᠦᠲᠦ ᠭᠤᠯᠭᠤᠭᠤᠷ᠂ ᠳᠤᠭᠤᠶ ᠲᠡᠷᠭᠡ᠂ ᠵᠡᠭᠡᠯᠢ ᠵᠢᠨ ᠪᠥᠵᠢᠭ᠂ ᠭᠡᠷ᠎ᠤᠨ ᠭᠠᠳᠠᠨᠠᠬᠢ ᠫᠢᠩᠫᠠᠩ ᠪᠥᠮᠪᠦᠭᠡ ᠵᠡᠷᠭᠡ ᠪᠡᠶ᠎ᠡ ᠴᠢᠭᠢᠷᠠᠭᠵᠢᠭᠤᠯᠬᠤ ᠲᠥᠷᠥᠯ ᠵᠥᠢ᠍ᠯ᠎ᠢ ᠥᠷᠨᠢᠭᠦᠯᠵᠦ᠂ ᠪᠡᠶ᠎ᠡ ᠵᠢᠨ ᠲᠠᠮᠢᠷ᠎ᠤᠨ ᠪᠠᠭ᠋ᠠᠵᠢ ᠬᠡᠷᠡᠭᠰᠡᠯ᠎ᠢ ᠲᠥᠯᠥᠪᠯᠡᠭᠡ᠎ᠲᠠᠢ᠎ᠪᠠᠷ ᠲᠣᠬᠢᠷᠠᠭᠤᠯᠵᠣ᠂ ᠨᠥᠬᠦᠴᠡᠯ᠎ᠲᠠᠢ ᠴᠡᠴᠡᠷᠯᠢᠭ᠎ᠲᠤ ᠵᠢᠵᠢᠭ ᠬᠡᠯᠪᠡᠷᠢ ᠵᠢᠨ ᠪᠡᠶ᠎ᠡ ᠴᠢᠭᠢᠷᠠᠭᠵᠢᠭᠤᠯᠬᠤ ᠣᠷᠳᠣᠨ ᠪᠠᠶ᠋ᠢᠭᠤᠯᠪᠠ᠃ 《ᠬᠤᠶᠠᠷ ᠪᠦᠰᠡ》 ᠵᠢᠨ ᠳᠣᠲᠣᠷ᠎ᠠ 《ᠤᠮᠠᠷᠠᠲᠤ ᠪᠦᠰᠡ》᠎ᠨᠢ ᠠᠮᠢ ᠠᠬᠤᠢ ᠵᠢᠨ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠪᠦᠰᠡ ᠪᠣᠯᠵᠤ᠂ ᠳᠠᠯᠠᠨ ᠬᠠᠷ᠎ᠠ ᠠᠭᠤᠯᠠ ᠵᠢᠨ ᠣᠯᠣᠰ᠎ᠤᠨ ᠠᠭᠤᠯᠠ ᠠᠪᠠᠷᠢᠵᠤ ᠪᠡᠶ᠎ᠡ ᠴᠢᠭᠢᠷᠠᠭᠵᠢᠭᠤᠯᠬᠤ ᠵᠠᠮ᠂ ᠵᠠᠯᠠᠭᠤᠴᠤᠳ ᠪᠠᠭ᠋ᠠᠴᠣᠳ᠎ᠤᠨ ᠠᠮᠢ ᠠᠬᠤᠢ ᠵᠢᠨ ᠬᠦᠷᠢᠶᠡᠯᠡᠩ᠎ᠳᠤ ᠲᠦᠰᠢᠭᠯᠡᠨ ᠬᠤᠲᠣᠩ ᠠᠷᠠᠳ᠎ᠤᠨ ᠲᠣᠭᠤᠷᠢᠭ᠎ᠤᠨ ᠠᠮᠢ ᠠᠬᠤᠢ ᠵᠢᠨ ᠵᠠᠮ᠂ ᠤᠰᠤᠲᠤ ᠵᠢᠨ ᠣᠢ ᠰᠢᠭᠤᠶ ᠵᠢᠨ ᠴᠡᠴᠡᠷᠯᠢᠭ ᠪᠠ ᠰᠢᠨ᠎ᠡ ᠬᠤᠲᠠ ᠲᠣᠭᠤᠷᠢᠭ᠎ᠤᠨ ᠤᠯᠤᠰ᠎ᠤᠨ ᠲᠡᠰ᠎ᠤᠨ ᠬᠥᠯ ᠪᠥᠮᠪᠦᠭᠡ ᠵᠢᠨ ᠪᠣᠯᠪᠠᠰᠤᠷᠠᠯ᠎ᠤᠨ ᠰᠠᠭᠤᠷᠢᠨ ᠵᠡᠷᠭᠡ ᠪᠡᠶ᠎ᠡ ᠵᠢᠨ ᠲᠠᠮᠢᠷ᠎ᠤᠨ ᠰᠠᠭᠤᠷᠢ ᠲᠥᠬᠦᠭᠡᠷᠦᠮᠵᠢ ᠵᠢ ᠠᠰᠢᠬᠯᠠᠵᠤ᠂ ᠳᠤᠭᠤᠶ ᠲᠡᠷᠭᠡ ᠤᠨᠤᠵᠤ ᠲᠤᠭᠤᠷᠢᠬᠤ᠂ ᠲᠦᠮᠡᠨ ᠬᠥᠮᠦᠨ ᠠᠭᠤᠯᠠ ᠠᠪᠠᠷᠢᠬᠤ᠂ ᠶᠠᠪᠠᠭ᠋ᠠᠨ ᠠᠯᠬᠤᠬᠤ᠂ ᠮᠣᠷᠢᠨ ᠮᠡᠷᠭᠡᠵᠢᠯ ᠵᠡᠷᠭᠡ ᠠᠵᠢᠯᠯᠠᠭ᠎ᠠ ᠊ᠦᠷᠨᠢᠭᠦᠯᠵᠦ ᠪᠤᠯᠤᠨ᠎ᠠ᠃ 《ᠡᠮᠦᠨᠡᠲᠦ ᠪᠦᠰᠡ》 ᠪᠣᠯ ᠰᠡᠯᠡᠭᠦᠴᠡᠯ᠎ᠤᠨ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠪᠦᠰᠡ ᠪᠠᠶ᠋ᠢᠵᠤ᠂ ᠵᠡᠭᠦᠨᠰᠢ᠎ᠪᠠᠨ ᠰᠠᠶ᠋ᠢᠬᠠᠨ ᠲᠣᠭᠤᠷᠢᠭ᠎ᠤᠨ ᠴᠡᠯᠡᠭᠡᠷ ᠲᠠᠯ᠎ᠠ᠂ ᠪᠠᠷᠠᠭᠤᠨᠰᠢ᠎ᠪᠠᠨ ᠢᠦ᠋ᠢ᠍ᠴᠢᠤᠸᠠᠨ ᠲᠣᠭᠤᠷᠢᠭ᠎ᠤᠨ ᠣᠰᠣᠨ ᠳᠡᠭᠡᠷᠡᠬᠢ ᠴᠡᠴᠡᠷᠯᠢᠭ ᠪᠠ ᠮᠣᠩᠭᠤᠯ ᠵᠠᠩ ᠦᠢ᠍ᠯᠡ ᠵᠢᠨ ᠬᠦᠷᠢᠶᠡᠯᠡᠩ᠂ ᠬᠤᠲᠠ ᠲᠣᠭᠤᠷᠢᠭᠰᠠᠨ ᠤᠰᠤᠨ ᠰᠢᠰᠲ᠋ᠧᠮ᠎ᠤᠨ ᠱᠤᠭᠤᠮ ᠳᠠᠭ᠋ᠠᠤ ᠪᠠᠶ᠋ᠢᠭᠤᠯᠤᠭᠰᠠᠨ ᠰᠠᠭᠰᠤᠨ ᠪᠥᠮᠪᠦᠭᠡ ᠵᠢᠨ ᠲᠠᠯᠠᠪᠠᠶ᠂ ᠥᠲᠥᠨ ᠪᠥᠮᠪᠦᠭᠡ ᠵᠢᠨ ᠣᠷᠳᠣᠨ᠂ ᠪᠡᠶ᠎ᠡ ᠴᠢᠭᠢᠷᠠᠭᠵᠢᠭᠤᠯᠬᠤ ᠲᠠᠯᠠᠪᠠᠶ᠂ ᠵᠢᠭ᠋ᠠᠰᠤ ᠭᠥᠬᠢᠳᠡᠬᠦ ᠬᠦᠷᠢᠶᠡᠯᠡᠩ ᠪᠠ ᠨᠠᠮᠨᠠᠬᠤ ᠲᠠᠯᠠᠪᠠᠶ ᠵᠡᠷᠭᠡ ᠪᠡᠶ᠎ᠡ ᠵᠢᠨ ᠲᠠᠮᠢᠷ᠎ᠤᠨ ᠣᠷᠳᠣᠨ᠎ᠤ ᠲᠥᠬᠦᠭᠡᠷᠦᠮᠵᠢ᠎ᠳᠤ ᠲᠦᠰᠢᠭᠯᠡᠨ ᠲᠦᠮᠡᠨ ᠬᠥᠮᠦᠨ ᠠᠯᠬᠤᠬᠤ᠂ ᠪᠥᠮᠪᠦᠭᠡ ᠨᠠᠭ᠋ᠠᠳᠬᠤ᠂ ᠤᠰᠤᠨ ᠳᠡᠭᠡᠷᠡᠬᠢ ᠪᠡᠶ᠎ᠡ ᠵᠢᠨ ᠲᠠᠮᠢᠷ ᠪᠠ ᠮᠣᠷᠢ ᠤᠨᠤᠬᠤ᠂ ᠰᠤᠷ ᠬᠠᠷᠪᠤᠬᠤ ᠵᠡᠷᠭᠡ ᠬᠦᠳᠡᠯᠭᠡᠭᠡᠨ᠎ᠢ ᠢᠳᠡᠪᠬᠢᠳᠠᠢ ᠥᠷᠨᠢᠬᠦᠯᠵᠥ ᠪᠤᠢ᠃ (ᠪᠤᠤ ᠦᠷᠭᠡᠨ)

ᠢᠷᠡᠯᠲᠡ᠄ ᠦᠪᠦᠷ ᠮᠤᠩᠭᠤᠯ᠎ᠤᠨ ᠡᠳᠦᠷ ᠦ᠋᠊ᠨ ᠰᠤᠨᠢᠨ
          
ᠬᠠᠮᠢᠶ᠎ᠡ ᠪᠦᠬᠦᠢ ᠰᠣᠨᠢᠨ
ᠤᠯᠠᠮᠵᠢᠯᠠᠯᠲᠤ ᠠᠳᠤᠭᠤᠨ ᠰᠣᠶᠤᠯ᠎ᠤᠨ ᠦᠵᠡᠰᠭᠦᠯᠡᠩ ᠬᠦᠬᠡᠬᠤᠲᠠ᠎ᠳᠤ ᠶᠠᠪᠤᠭᠳᠠᠯ᠎ᠠ
ᠵᠡᠬᠦᠨ ᠦᠵᠦᠮᠦᠴᠢᠨ ᠬᠤᠰᠢᠭᠤᠨ᠎ᠤ ᠷᠠᠰᠢᠶᠠᠨᠪᠤᠯᠠᠭ ᠭᠠᠴᠠᠭ᠋ᠠᠨ᠎ᠤ ᠪᠦᠮᠪᠦᠭᠡ ᠱᠠᠭ᠎ᠠ ᠵᠢᠨ ᠤᠷᠤᠯᠳᠤᠭ᠋ᠠᠨ ᠡᠷᠬᠢᠯᠡᠪᠡ
ᠬᠦᠪᠡᠭᠡᠳᠦ ᠰᠢᠷ᠎ᠠ ᠬᠤᠰᠢᠭᠤᠨ᠎ᠤ ᠨᠠᠰᠤᠳᠠᠶ᠋ᠢᠴᠤᠳ᠎ᠤᠨ ᠪᠦᠮᠪᠦᠭᠡ ᠵᠢᠨ ᠤᠷᠢᠯᠭ᠎ᠠ ᠵᠢᠨ ᠤᠷᠤᠯᠳᠤᠭ᠋ᠠᠨ ᠶᠠᠪᠤᠬᠳᠠᠪᠠ
ᠬᠥᠬᠡᠬᠤᠲᠠ ᠵᠢᠨ ᠠᠯᠠᠭ᠋ᠠᠳᠠᠬᠤ ᠪᠥᠮᠪᠦᠭᠡ ᠵᠢᠨ ᠲᠥᠯᠥᠭᠡᠯᠡᠭᠴᠢᠳ᠎ᠤᠨ ᠠᠩᠭᠢ ᠤᠯᠠᠨ ᠱᠠᠩᠨᠠᠯ ᠵᠶ᠋ᠠᠷ ᠮᠢᠯᠢᠶᠠᠯᠭ᠋ᠠᠯ᠎ᠠ
ᠰᠢᠯᠤᠭᠤᠨ ᠬᠦᠭᠡ ᠬᠤᠰᠢᠭᠤ ᠱᠠᠭ᠎ᠠ ᠳᠤᠬᠯᠠᠭ᠋ᠠᠮ᠎ᠤᠨ ᠤᠷᠤᠯᠳᠤᠭ᠋ᠠᠨ ᠡᠷᠬᠢᠯᠡᠪᠡ
 
            