ᠤᠢ᠍ᠢ᠍ᠷ᠎ᠠ᠎ᠳᠤ᠂ ᠬᠥᠬᠡᠬᠤᠲᠠ ᠵᠢᠨ ᠠᠯᠠᠭ᠋ᠠᠳᠠᠬᠤ ᠪᠥᠮᠪᠦᠭᠡ ᠵᠢᠨ ᠲᠥᠯᠥᠭᠡᠯᠡᠭᠴᠢᠳ᠎ᠤᠨ ᠠᠩᠭᠢ 《ᠪᠢ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠣᠯᠴᠠᠨ᠎ᠠ》 ᠭᠡᠬᠦ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨᠴᠢ ᠤᠷᠤᠯᠳᠤᠭ᠋ᠠᠨ᠎ᠤ ᠠᠯᠠᠭ᠋ᠠᠳᠠᠬᠤ ᠪᠥᠮᠪᠦᠭᠡ ᠵᠢᠨ ᠲᠥᠷᠥᠯ ᠵᠦᠢ᠍ᠯ᠎ᠤᠨ ᠰᠢᠯᠭ᠋ᠠᠷᠠᠭᠤᠯᠤᠯᠲᠠ᠎ᠳᠤ ᠰᠢᠯᠢᠳᠡᠭ ᠬᠢᠷᠢ ᠪᠦᠲᠦᠮᠵᠢ ᠤᠯᠪᠠ᠃
6 ᠰᠠᠷ᠎ᠠ ᠵᠢᠨ 5᠎ᠤ ᠡᠳᠦᠷ᠎ᠠᠴᠠ 6᠎ᠤ ᠡᠳᠦᠷ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ᠎ᠠᠴᠠ ᠭᠤᠤᠯᠯᠠᠨ ᠡᠷᠭᠢᠯᠡᠭᠰᠡᠨ 《ᠪᠢ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠣᠯᠴᠠᠨ᠎ᠠ》 ᠭᠡᠬᠦ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠲᠦᠮᠡᠨᠴᠢ ᠤᠷᠤᠯᠳᠤᠭ᠋ᠠᠨ᠎ᠤ ᠠᠯᠠᠭ᠋ᠠᠳᠠᠬᠤ ᠪᠥᠮᠪᠦᠭᠡ ᠵᠢᠨ ᠲᠥᠷᠥᠯ ᠵᠦᠶᠯ᠎ᠤᠨ ᠰᠢᠯᠭ᠋ᠠᠷᠠᠭᠤᠯᠤᠯᠲᠠ ᠵᠢᠨ ᠤᠷᠤᠯᠳᠤᠭ᠋ᠠᠨ ᠤᠯᠠᠭ᠋ᠠᠨᠴᠠᠪ ᠬᠤᠲᠠ᠎ᠳᠤ ᠶᠠᠪᠤᠭᠳᠠᠪᠠ᠃
ᠲᠣᠰ ᠤᠳᠠᠭ᠋ᠠᠨ᠎ᠤ ᠤᠷᠤᠯᠳᠤᠭ᠋ᠠᠨ᠎ᠳᠤ ᠡᠷᠡᠭᠳᠡᠢ ᠵᠢᠨ ᠵᠠᠯᠠᠭᠤᠴᠤᠳ᠎ᠤᠨ ᠳᠤᠭᠤᠶ᠋ᠢᠯᠠᠩ᠂ ᠡᠷᠡᠭᠳᠡᠢ ᠵᠢᠨ ᠬᠤᠳᠠ ᠵᠢᠨ ᠵᠡᠭᠡᠯᠢ ᠭᠤᠳᠤᠮᠵᠢ (ᠨᠡᠶ᠋ᠢᠭᠡᠮ ᠲᠣᠭᠤᠷᠢᠭ) ᠵᠢᠨ ᠢᠳᠡᠷ ᠨᠠᠰᠤᠨ᠎ᠤ ᠳᠤᠭᠤᠶ᠋ᠢᠯᠠᠩ ᠪᠠ ᠡᠮᠡᠭᠳᠡᠢ ᠵᠢᠨ ᠬᠤᠲᠠ ᠵᠢᠨ ᠵᠡᠭᠡᠯᠢ ᠭᠤᠳᠤᠮᠵᠢ (ᠨᠡᠶ᠋ᠢᠭᠡᠮ ᠲᠣᠭᠤᠷᠢᠭ) ᠵᠢᠨ ᠢᠳᠡᠷ ᠨᠠᠰᠤᠨ᠎ᠤ ᠳᠤᠭᠤᠶ᠋ᠢᠯᠠᠩ᠎ᠢ ᠵᠤᠬᠢᠶᠠᠨ ᠪᠠᠶ᠋ᠢᠭᠤᠯᠵᠤ᠂ ᠪᠥᠬᠦ ᠣᠷᠣᠨ᠎ᠤ 9 ᠠᠶ᠋ᠢᠮᠠᠭ ᠬᠤᠲᠠ ᠵᠢᠨ 178 ᠳᠠᠭ᠋ᠠᠭᠤᠯᠤᠭᠴᠢ᠂ ᠰᠤᠷᠭ᠋ᠠᠭᠴᠢ᠂ ᠲᠠᠮᠢᠷᠴᠢᠳ ᠤᠷᠤᠯᠳᠤᠭ᠋ᠠᠨ᠎ᠳᠤ ᠣᠷᠣᠯᠴᠠᠪᠠ᠃
ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠲᠥᠯᠥᠭᠡᠯᠡᠭᠴᠢᠳ᠎ᠤᠨ ᠠᠩᠭᠢ ᠡᠷᠡᠭᠲᠡᠶ ᠵᠢᠨ ᠬᠤᠲᠠ ᠵᠢᠨ ᠵᠡᠭᠡᠯᠢ ᠭᠤᠳᠤᠮᠵᠢ (ᠨᠡᠶ᠋ᠢᠭᠡᠮ ᠲᠣᠭᠤᠷᠢᠭ) ᠵᠢᠨ ᠢᠳᠡᠷ ᠨᠠᠰᠤᠨ᠎ᠤ ᠳᠤᠭᠤᠶ᠋ᠢᠯᠠᠩ᠎ᠤᠨ ᠮᠠᠩᠯᠠᠶ ᠪᠠ ᠡᠮᠡᠭᠲᠡᠶ ᠵᠢᠨ ᠬᠤᠲᠠ ᠵᠢᠨ ᠵᠡᠭᠡᠯᠢ ᠭᠤᠳᠤᠮᠵᠢ (ᠨᠡᠶ᠋ᠢᠭᠡᠮ ᠲᠣᠭᠤᠷᠢᠭ) ᠵᠢᠨ ᠢᠳᠡᠷ ᠨᠠᠰᠤᠨ᠎ᠤ ᠳᠤᠭᠤᠶ᠋ᠢᠯᠠᠩ᠎ᠤᠨ ᠮᠠᠩᠯᠠᠶ᠂ ᠡᠷᠡᠭᠲᠡᠶ ᠵᠢᠨ ᠵᠠᠯᠠᠭᠤᠴᠤᠳ᠎ᠤᠨ ᠳᠤᠭᠤᠶ᠋ᠢᠯᠠᠩ᠎ᠤᠨ ᠭᠤᠷᠪᠠᠳᠤᠭ᠋ᠠᠷ ᠨᠡᠷᠡᠰ᠎ᠲᠤ ᠣᠷᠣᠵᠠᠶ᠃