10 ᠰᠠᠷ᠎ᠠ ᠵᠢᠨ 29᠎ᠤ ᠡᠳᠦᠷ᠂ ᠲᠦᠩᠯᠢᠶᠣᠣ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠬᠣᠷᠴᠢᠨ ᠲᠣᠭᠣᠷᠢᠭ᠎ᠤᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠲᠠᠭ᠋ᠠᠭ᠋ᠠᠴᠢᠯᠠᠨ ᠡᠷᠭᠢᠯᠡᠵᠦ᠂ ᠬᠣᠷᠴᠢᠨ ᠲᠣᠭᠣᠷᠢᠭ᠎ᠤᠨ ᠲᠡᠮᠦᠷ ᠵᠠᠮ᠎ᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠣᠶ ᠰᠢᠭᠤᠢ ᠵᠢᠨ ᠴᠡᠴᠡᠷᠯᠢᠭ᠎ᠤᠨ ᠬᠠᠮᠢᠶᠠᠷᠤᠯᠳᠠ ᠵᠢᠨ ᠲᠥᠪ᠂ ᠬᠣᠷᠴᠢᠨ ᠲᠣᠭᠣᠷᠢᠭ᠎ᠤᠨ ᠣᠶ ᠰᠢᠭᠤᠢ ᠵᠢᠨ ᠬᠣᠯᠠ ᠭᠦᠶᠦᠯᠲᠡ ᠵᠢᠨ ᠨᠡᠢ᠌ᠭᠡᠮᠯᠢᠭ᠎ᠠᠴᠠ ᠬᠠᠮᠵᠢᠨ ᠡᠷᠭᠢᠯᠡᠭᠰᠡᠨ ᠲᠦᠩᠯᠢᠶᠣᠣ ᠬᠣᠲᠠ ᠵᠢᠨ ᠨᠡᠢ᠌ᠭᠡᠮ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠬᠣᠷᠴᠢᠨ ᠲᠣᠭᠣᠷᠢᠭ᠎ᠤᠨ ᠡᠷᠡᠭᠦᠯ ᠮᠡᠨᠳᠦ ᠵᠢᠨ ᠭᠦᠶᠦᠯᠲᠡ ᠵᠢᠨ ᠶᠡᠬᠡ ᠬᠤᠷᠠᠯ ᠣᠶ ᠰᠢᠭᠤᠢ ᠵᠢᠨ ᠴᠡᠴᠡᠷᠯᠢᠭ᠎ᠲᠤ ᠶᠠᠪᠤᠭᠳᠠᠪᠠ᠃

ᠬᠣᠷᠴᠢᠨ ᠲᠣᠭᠣᠷᠢᠭ᠎ᠠᠴᠠ ᠬᠦᠷᠦᠯᠴᠡᠨ ᠢᠷᠡᠭᠰᠡᠨ 200 ᠭᠠᠷᠤᠢ ᠬᠤᠯᠠ ᠭᠦᠶᠦᠯᠲᠡ᠎ᠳᠤ ᠪᠠᠬᠠᠲᠠᠢ ᠬᠥᠮᠥᠰ ᠲᠤᠰ ᠤᠳᠠᠭ᠎ᠠ ᠵᠢᠨ ᠠᠵᠢᠯᠯᠠᠭ᠎ᠠ᠎ᠳᠤ ᠣᠷᠣᠯᠴᠠᠵᠠᠢ᠃ ᠤᠷᠤᠯᠳᠤᠭ᠋ᠠᠨ᠎ᠳᠤ ᠣᠷᠣᠯᠴᠠᠭᠰᠠᠳ ᠣᠶ ᠰᠢᠭᠤᠢ ᠵᠢᠨ ᠴᠡᠴᠡᠷᠯᠢᠭ᠎ᠤᠨ ᠤᠷᠤᠯᠳᠤᠭ᠋ᠠᠨ᠎ᠤ ᠵᠠᠮ᠎ᠤᠨ ᠲᠣᠭᠣᠷᠢᠨ᠎ᠳᠤ 5 ᠺᠢᠯᠣᠮᠧᠲᠷ ᠬᠦᠶᠦᠵᠦ᠂ ᠡᠴᠦᠰ᠎ᠤᠨ ᠴᠡᠭ᠎ᠲᠤ ᠭᠦᠷᠦᠭᠰᠡᠨ᠎ᠤ ᠳᠠᠷᠠᠭ᠎ᠠ ᠱᠠᠩᠨᠠᠯ᠎ᠤᠨ ᠮᠧᠳᠠᠯ ᠵᠶ᠋ᠠᠨ ᠠᠪᠴᠤ᠂ ᠨᠡᠷᠡᠰ᠎ᠤᠨ ᠵᠢᠭᠰᠠᠭ᠋ᠠᠯᠲᠠ ᠪᠠ ᠰᠢᠯᠭ᠋ᠠᠷᠠᠭᠤᠯᠤᠯᠲᠠ ᠬᠢᠭᠰᠡᠨ ᠦᠭᠡᠢ᠃

ᠲᠣᠰ ᠤᠳᠠᠭ᠋ᠠᠨ᠎ᠤ ᠠᠵᠢᠯᠯᠠᠭ᠎ᠠ᠎ᠨᠢ ᠥᠷᠭᠡᠨ ᠣᠯᠠᠨ ᠬᠣᠯᠠ ᠭᠦᠶᠦᠬᠦ ᠳᠤᠷᠠᠲᠠᠢ ᠬᠥᠮᠥᠰ᠎ᠲᠤ ᠬᠠᠷᠢᠯᠴᠠᠨ ᠨᠡᠪᠲᠡᠷᠡᠯᠴᠡᠬᠦ ᠲᠠᠪᠴᠠᠩ ᠪᠠᠢ᠌ᠭᠤᠯᠤᠨ ᠥᠭᠴᠦ᠂ ᠨᠠᠩ ᠣᠯᠠᠨ ᠣᠯᠠᠨ ᠲᠦᠮᠡᠨ᠎ᠤ ᠠᠵᠢᠯ᠎ᠤᠨ ᠴᠢᠯᠦᠭᠡ᠎ᠪᠠᠷ ᠵᠶ᠋ᠡᠨ ᠲᠠᠮᠢᠷ᠎ᠤᠨ ᠪᠣᠯᠪᠠᠰᠤᠷᠠᠯ᠎ᠢ ᠨᠠᠩ ᠢᠯᠡᠭᠦᠦ ᠴᠢᠬᠤᠯᠠᠴᠢᠯᠠᠵᠤ᠂ ᠪᠡᠶ᠎ᠡ ᠮᠠᠬᠠᠪᠤᠳ᠎ᠤᠨ ᠬᠡᠪ ᠴᠢᠨᠠᠷ ᠪᠠ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠰᠠᠢ᠌ᠵᠢᠷᠠᠭᠤᠯᠤᠨ ᠲᠡᠭᠡᠭᠰᠢᠯᠡᠬᠦᠯᠬᠦ ᠵᠤᠷᠢᠯᠭ᠎ᠠ᠎ᠪᠠᠷ ᠡᠷᠬᠢᠯᠡᠭᠰᠡᠨ ᠶᠤᠮ᠃