ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠪᠤᠭᠤᠲᠤ ᠬᠣᠲᠠ 10 ᠺᠢᠯᠣᠮᠧᠲᠷ᠎ᠤᠨ ᠰᠦᠯᠢᠶᠥᠦ ᠭᠣᠮ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠢ ᠪᠠᠢ᠌ᠭᠤᠯᠪᠠ
ᠨᠡᠶ᠋ᠢᠲᠡᠯᠡᠭᠰᠡᠨ ᠴᠠᠭ᠄ 2022-10-27

    ᠪᠤᠭᠤᠲᠤ ᠬᠣᠲᠠ ᠵᠢᠨ ᠨᠠᠮ᠎ᠤᠨ ᠬᠣᠷᠢᠶ᠎ᠠ ᠵᠢᠨ 《ᠪᠡᠶ᠎ᠡ ᠵᠢᠨ ᠲᠠᠮᠢᠷ᠎ᠤᠨ ᠬᠣᠲᠠ᠂ ᠡᠷᠡᠭᠦᠯ ᠡᠩᠬᠡ ᠵᠢᠨ ᠬᠣᠲᠠ ᠵᠢ ᠴᠢᠷᠮᠠᠢ᠌ᠨ ᠪᠠᠶ᠋ᠢᠭᠤᠯᠬᠤ》 ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ 《ᠪᠤᠭᠤᠲᠤ᠎ᠪᠠᠨ ᠬᠠᠢ᠌ᠷᠠᠯᠠᠵᠤ᠂ ᠬᠤᠪᠢ ᠨᠡᠮᠡᠷᠢ ᠦᠵᠡᠭᠦᠯᠬᠦ》 ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠢᠨ ᠳᠤᠲᠠᠭᠤᠳᠠᠯ᠎ᠢ ᠨᠥᠬᠥᠪᠦᠷᠢᠯᠡᠬᠦ ᠢᠨᠵᠧᠨᠧᠷᠢᠩ᠎ᠢ ᠶᠡᠬᠡᠪᠡᠷ ᠬᠡᠷᠡᠭᠵᠢᠭᠦᠯᠬᠦ ᠵᠢᠨ ᠲᠤᠰᠠᠳᠠ᠂ ᠪᠤᠭᠤᠲᠤ ᠬᠣᠲᠠ ᠵᠢᠨ ᠥᠨᠳᠥᠷ ᠪᠠᠷᠢᠮᠵᠢᠶᠠᠲᠤ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ — ᠰᠠᠢ᠌ᠬᠠᠨ ᠲᠠᠯ᠎ᠠ ᠴᠡᠴᠡᠷᠯᠢᠭ᠎ᠤᠨ 10 ᠺᠢᠯᠣᠮᠧᠲᠷ᠎ᠤᠨ ᠰᠦᠯᠢᠶᠥᠦ ᠭᠣᠮ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠤᠨ ᠭᠣᠣᠯ ᠴᠣᠭᠴᠠ ᠵᠢᠨ ᠢᠨᠵᠧᠨᠧᠷᠢᠩ᠎ᠢ ᠳᠠᠭᠤᠰᠬᠠᠵᠤ᠂ 11 ᠰᠠᠷ᠎ᠠ ᠵᠢᠨ ᠳᠤᠮᠳᠠᠴᠢ᠎ᠪᠠᠷ ᠣᠯᠠᠨ ᠨᠡᠶ᠋ᠢᠲᠡ᠎ᠳᠤ ᠨᠡᠭᠡᠭᠡᠬᠦ᠎ᠪᠠᠷ ᠵᠢᠱ᠌ᠢᠵᠦ ᠪᠣᠶ᠃


    ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠬᠦᠴᠦᠲᠡᠢ ᠳᠡᠮᠵᠢᠯᠭᠡ ᠳᠣᠣᠷ᠎ᠠ᠂ ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ 9 ᠰᠠᠷ᠎ᠠ ᠵᠢᠨ ᠡᠬᠢ᠎ᠪᠠᠷ ᠠᠵᠢᠯ᠎ᠤᠨ ᠡᠭᠦᠷᠭᠡ ᠵᠢ ᠭᠥᠯᠢᠶᠡᠨ ᠠᠪᠴᠤ᠂ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠤᠨ ᠠᠵᠢᠯ᠎ᠤᠨ ᠲᠤᠰᠬᠠᠢ ᠠᠩᠭᠢ ᠵᠢ ᠦᠳᠲᠡᠷ ᠲᠦᠷᠭᠡᠨ ᠪᠠᠢ᠌ᠭᠤᠯᠵᠤ᠂ ᠰᠦᠯᠢᠶᠥᠦ ᠭᠣᠮ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠨ᠂ ᠶᠠᠪᠠᠭ᠋ᠠᠨ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠡᠪ ᠪᠠᠷᠢᠮᠵᠢᠶ᠎ᠠ ᠪᠠ ᠪᠠᠷᠢᠮᠵᠢᠶ᠎ᠠ ᠵᠢ ᠲᠣᠳᠣᠷᠬᠠᠢ᠌ᠯᠠᠪᠠ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠪᠠᠷᠢᠯᠭ᠎ᠠ ᠵᠢᠨ ᠠᠵᠢᠯ᠎ᠤᠨ ᠠᠬᠢᠴᠠ ᠵᠢ ᠨᠢᠭᠡᠳᠦᠯᠲᠡᠢ ᠲᠥᠯᠥᠪᠯᠡᠨ ᠰᠠᠢ᠌ᠲᠤᠷ ᠬᠢᠵᠦ᠂ ᠪᠠᠷᠢᠯᠭ᠎ᠠ ᠵᠢᠨ ᠠᠵᠢᠯᠲᠠᠨ᠎ᠤ ᠪᠢᠳᠡᠭᠦᠮᠵᠢᠯᠡᠭᠰᠡᠨ ᠬᠠᠮᠢᠶᠠᠷᠤᠯᠲᠠ᠂ ᠪᠠᠷᠢᠯᠭ᠎ᠠ ᠵᠢᠨ ᠠᠵᠢᠯ᠎ᠤᠨ ᠠᠬᠢᠴᠠ ᠵᠢ ᠡᠳᠦᠷ ᠪᠦᠷᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠵᠢ ᠠᠪᠴᠤ᠂ ᠲᠥᠯᠥᠪᠯᠡᠭᠡ ᠶᠣᠰᠣᠭ᠋ᠠᠷ 10 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠰᠠᠢ᠌ᠬᠠᠨ ᠲᠠᠯ᠎ᠠ ᠴᠡᠴᠡᠷᠯᠢᠭ᠎ᠤᠨ ᠰᠦᠯᠢᠶᠥᠦ ᠭᠣᠮ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠤᠨ ᠪᠠᠷᠢᠯᠭ᠎ᠠ ᠵᠢᠨ ᠡᠭᠦᠷᠭᠡ ᠵᠢ ᠪᠡᠶᠡᠯᠡᠭᠦᠯᠪᠡ᠃


    ᠰᠦᠯᠢᠶᠥᠦ ᠭᠤᠮ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠤᠨ ᠪᠦᠲᠦᠭᠡᠨ ᠪᠠᠢ᠌ᠭᠤᠯᠤᠯᠲᠠ ᠪᠣᠯ ᠲᠥᠪ᠎ᠠᠴᠠ ᠨᠠᠩ ᠥᠨᠳᠥᠷ ᠬᠢᠷᠢ ᠲᠦᠪᠰᠢᠨ ᠪᠦᠬᠦᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠪᠠᠶ᠋ᠢᠭᠤᠯᠬᠤ ᠵᠢ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ᠌ ᠪᠤᠭᠤᠲᠤ ᠵᠢᠨ ᠠᠷᠠᠳ᠎ᠤᠨ ᠠᠮᠢᠳᠤᠷᠠᠯ᠎ᠤᠨ ᠨᠢᠭᠡ ᠵᠦᠢ᠍ᠯ᠎ᠤᠨ ᠴᠢᠬᠤᠯᠠ ᠢᠨᠵᠧᠨᠧᠷᠢᠩ ᠪᠣᠯᠣᠨ᠎ᠠ᠃ ᠪᠤᠭᠤᠲᠤ ᠬᠣᠲᠠ᠎ᠨᠢ ᠴᠡᠴᠡᠷᠯᠢᠭ᠎ᠤᠨ ᠣᠨᠴᠠᠯᠢᠭ᠎ᠲᠠᠢ᠎ᠪᠠᠨ ᠤᠶᠠᠯᠳᠤᠭᠤᠯᠤᠨ᠂ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠣᠢ᠌ᠷᠠᠲᠤᠭᠤᠯᠵᠤ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠰᠦᠯᠢᠶᠥᠦ ᠭᠣᠮ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠤᠨ ᠪᠦᠲᠦᠭᠡᠨ ᠪᠠᠢ᠌ᠭᠤᠯᠤᠯᠲᠠ ᠵᠢ   ᠦᠷᠨᠢᠭᠦᠯᠵᠦ ᠪᠤᠢ᠃ ᠪᠤᠭᠤᠲᠤ ᠬᠤᠳᠠ ᠵᠢᠨ᠎ᠬᠢᠨ ᠪᠠᠰᠠ ᠬᠤᠳᠠ ᠵᠢᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠺᠦᠨᠱ᠌ᠠᠨ ᠲᠣᠭᠣᠷᠢᠭ᠂ ᠴᠢᠩᠱ᠌ᠠᠨ ᠲᠣᠭᠣᠷᠢᠭ᠂ ᠵᠢᠤᠶᠤᠸᠠᠨ ᠲᠣᠭᠣᠷᠢᠭ ᠪᠣᠯᠣᠨ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠣᠯᠢᠮᠫᠢᠺ᠎ᠤᠨ ᠴᠡᠴᠡᠷᠯᠢᠭ᠂ ᠠᠷᠳᠢᠨ ᠤᠷᠭᠤᠮᠠᠯ᠎ᠤᠨ ᠬᠦᠷᠢᠶᠡᠯᠡᠩ᠂ ᠵᠢᠨᠯᠢᠨ ᠴᠡᠴᠡᠷᠯᠢᠭ᠂ ᠬᠤᠳᠠ ᠵᠢᠨ ᠠᠷᠠᠳ᠎ᠤᠨ ᠴᠡᠴᠡᠷᠯᠢᠭ᠂ ᠬᠥᠳᠡᠯᠮᠦᠷᠢ ᠵᠢᠨ ᠵᠢᠱ᠌ᠢᠶᠡᠴᠢ ᠵᠢᠨ ᠴᠡᠴᠡᠷᠯᠢᠭ ᠵᠡᠷᠭᠡ ᠴᠡᠴᠡᠷᠯᠢᠭ᠎ᠲᠤ ᠰᠦᠯᠢᠶᠥᠦ ᠭᠤᠮ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠢ ᠵᠡᠷᠭᠡᠪᠡᠷ ᠪᠠᠶ᠋ᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠪᠠ᠃ ᠡᠭᠦᠨ᠎ᠳᠤ ᠣᠯᠢᠮᠫᠢᠺ᠎ᠤᠨ ᠴᠡᠴᠡᠷᠯᠢᠭ᠂ ᠬᠣᠲᠠ ᠵᠢᠨ ᠠᠷᠠᠳ᠎ᠤᠨ ᠴᠡᠴᠡᠷᠯᠢᠭ᠎ᠤᠨ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠤᠨ ᠭᠣᠣᠯ ᠪᠠᠷᠢᠯᠭ᠎ᠠ ᠵᠢ ᠨᠢᠭᠡᠨᠲᠡ ᠳᠠᠭᠤᠰᠬᠠᠵᠤ᠂ ᠪᠤᠰᠤᠳ ᠴᠡᠴᠡᠷᠯᠢᠭ᠎ᠤᠨ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠢ ᠴᠤ᠌ ᠵᠠᠯᠭ᠋ᠠᠭ᠎ᠠ᠎ᠪᠠᠷ ᠳᠠᠭᠤᠰᠬᠠᠬᠤ ᠪᠣᠯᠣᠨ᠎ᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ ᠬᠣᠶᠠᠳᠤᠭ᠋ᠠᠷ ᠳᠡᠰ᠎ᠤᠨ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠪᠣᠯᠪᠠᠰᠤᠷᠠᠯ᠎ᠤᠨ ᠠᠩᠭᠢ ᠡᠷᠬᠢᠯᠡᠪᠡ
ᠬᠢᠩᠭ᠋ᠠᠨ ᠠᠢ᠌ᠮᠠᠭ ᠭᠤᠷᠪᠠᠳᠤᠭ᠋ᠠᠷ ᠬᠤᠭᠤᠴᠠᠭ᠋ᠠᠨ᠎ᠤ ᠨᠡᠷᠡᠭᠦᠢ ᠨᠢᠳᠤᠷᠭ᠎ᠠ ᠵᠢᠨ ᠦᠵᠡᠭᠦᠯᠦᠯᠭᠡ ᠵᠢᠨ ᠠᠵᠢᠯᠯᠠᠭ᠎ᠠ ᠡᠷᠭᠢᠯᠡᠪᠡ
ᠠᠯᠠᠱ᠌ᠠ ᠠᠢ᠌ᠮᠠᠭ 2022 ᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠪᠠᠢ᠌ᠴᠠᠭ᠋ᠠᠯᠲᠠ ᠵᠢᠨ ᠠᠵᠢᠯ᠎ᠢ ᠪᠡᠶᠡᠯᠡᠭᠦᠯᠪᠡ
ᠬᠥᠬᠡᠬᠣᠲᠠ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠵᠢᠨ ᠰᠦᠯᠵᠢᠶᠡᠨ ᠳᠡᠭᠡᠷᠡᠬᠢ ᠳᠡᠯᠭᠡᠨ ᠦᠵᠡᠭᠦᠯᠬᠦ ᠠᠵᠢᠯᠯᠠᠭ᠎ᠠ ᠡᠷᠭᠢᠯᠡᠪᠡ
ᠤᠷᠳᠤᠰ ᠬᠤᠳᠠ ᠫᠢᠩᠫᠠᠩ ᠪᠥᠮᠪᠥᠭᠡ ᠵᠢᠨ ᠤᠯᠤᠰ᠎ᠤᠨ ᠨᠢᠭᠡᠳᠦᠭᠡᠷ ᠳᠡᠰ᠎ᠤᠨ ᠬᠢᠨᠠᠭᠴᠢ ᠵᠢᠨ ᠪᠣᠯᠪᠠᠰᠤᠷᠠᠯ ᠡᠷᠬᠢᠯᠡᠪᠡ
 
            