ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠢᠩᠭ᠋ᠠᠨ ᠠᠢ᠌ᠮᠠᠭ ᠬᠣᠶᠠᠳᠤᠭ᠋ᠠᠷ ᠳᠡᠰ᠎ᠤᠨ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠪᠣᠯᠪᠠᠰᠤᠷᠠᠯ᠎ᠤᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2022-11-08

    ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠡᠩᠨᠡᠭᠡ ᠵᠢᠨ ᠪᠠᠢ᠌ᠭᠤᠯᠤᠯᠲᠠ ᠵᠢ ᠦᠨᠡᠨᠬᠦ ᠴᠢᠩᠭ᠋ᠠᠳᠬᠠᠵᠤ᠂ ᠠᠷᠠᠳ᠎ᠲᠤ ᠳᠣᠲᠣᠨᠣ᠂ ᠠᠷᠠᠳ᠎ᠲᠤ ᠲᠥᠬᠥᠮ᠂ ᠠᠷᠠᠳ᠎ᠲᠤ ᠠᠰᠢᠭᠲᠠᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠢᠰᠲᠸᠮ᠎ᠢ ᠲᠦᠷᠭᠡᠳᠬᠡᠨ ᠪᠠᠶ᠋ᠢᠭᠤᠯᠬᠤ ᠵᠢᠨ ᠲᠤᠰᠠᠳᠠ᠂ 11 ᠰᠠᠷ᠎ᠠ ᠵᠢᠨ 2᠎ᠤᠨ ᠡᠳᠦᠷ᠎ᠠᠴᠠ 4᠎ᠤ ᠡᠳᠦᠷ ᠪᠣᠯᠲᠠᠯ᠎ᠠ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ  ᠎ᠠᠴᠠ ᠬᠣᠶᠠᠳᠤᠭ᠋ᠠᠷ ᠳᠡᠰ᠎ᠤᠨ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠮᠡᠷᠭᠡᠵᠢᠯ ᠴᠢᠳᠠᠪᠤᠷᠢ ᠵᠢᠨ ᠪᠤᠯᠪᠠᠰᠤᠷᠠᠯ᠎ᠤᠨ ᠠᠩᠭᠢ ᠡᠷᠭᠢᠯᠡᠪᠡ᠃ ᠪᠥᠬᠥ ᠠᠢ᠌ᠮᠠᠭ᠎ᠤᠨ ᠪᠡᠶ᠎ᠡ ᠴᠢᠭᠢᠷᠠᠭᠵᠢᠭᠤᠯᠬᠤ ᠲᠠᠮᠢᠷ (ᠪᠥᠵᠢᠭ)᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ ᠵᠡᠷᠭᠡ 2 ᠲᠥᠷᠥᠯ ᠵᠦᠢ᠍ᠯ᠎ᠤᠨ 40 ᠨᠡᠷᠡᠰ   ᠨᠡᠢ᠌ᠭᠡᠮ ᠎ᠤᠨ   ᠪᠡᠶ᠎ᠡ ᠵᠢᠨ   ᠲᠠᠮᠢᠷ᠎ᠤᠨ   ᠵᠢᠭ᠋ᠠᠨ   ᠵᠢᠯᠣᠭᠣᠳᠤᠭᠴᠢ   ᠪᠣᠯᠪᠠᠰᠤᠷᠠᠯ᠎ᠳᠤ ᠣᠷᠣᠯᠴᠠᠵᠠᠢ᠃
    ᠲᠣᠰ ᠤᠳᠠᠭ᠋ᠠᠨ᠎ᠤ ᠪᠤᠯᠪᠠᠰᠤᠷᠠᠯ ᠵᠶ᠋ᠠᠷ ᠳᠡᠮᠵᠢᠨ᠂   ᠪᠤᠯᠪᠠᠰᠤᠷᠠᠯ᠎ᠳᠤ ᠤᠷᠤᠯᠴᠠᠭᠰᠠᠳ᠎ᠤᠨ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠵᠢᠯᠤᠭᠣᠳᠬᠤ ᠴᠢᠳᠠᠪᠤᠷᠢ ᠪᠠ ᠬᠢᠷᠢ ᠲᠦᠪᠰᠢᠨ ᠵᠶ᠋ᠡᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠤᠯᠪᠠᠰᠤᠷᠠᠯ᠎ᠳᠤ ᠤᠷᠤᠯᠴᠠᠭᠰᠠᠳ᠎ᠠᠴᠠ ᠬᠣᠢ᠌ᠰᠢᠳᠠ ᠪᠦᠬᠦ ᠠᠷᠠᠳ᠎ᠤᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ ᠠᠵᠢᠯᠯᠠᠭ᠎ᠠ ᠵᠢᠨ ᠳᠤᠮᠳᠠᠬᠢ ᠭᠣᠣᠯᠯᠠᠭᠴᠢ ᠦᠢ᠍ᠯᠡᠳᠦᠯ᠎ᠢ ᠪᠠᠳᠠᠷᠠᠭᠤᠯᠵᠤ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢᠨ ᠤᠬᠠᠭᠤᠯᠤᠭᠴᠢ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠨ ᠵᠢᠯᠣᠭᠣᠳᠤᠭᠴᠢ᠂ ᠣᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ ᠵᠢᠨ ᠠᠵᠢᠯᠯᠠᠭ᠎ᠠ ᠵᠢᠨ ᠵᠣᠬᠢᠶᠠᠨ ᠪᠠᠢ᠌ᠭᠤᠯᠤᠭᠴᠢ᠂ ᠪᠡᠶ᠎ᠡ ᠴᠢᠭᠢᠷᠠᠭᠵᠢᠭᠤᠯᠬᠤ ᠠᠮᠢᠳᠤᠷᠠᠯ᠎ᠤᠨ ᠠᠷᠭ᠎ᠠ ᠮᠠᠶᠢᠭ᠎ᠤᠨ ᠳᠠᠭ᠋ᠠᠭᠤᠯᠤᠭᠴᠢ ᠪᠣᠯᠵᠤ᠂ ᠠᠷᠠᠳ ᠣᠯᠠᠨ᠎ᠳᠤ ᠨᠠᠩ ᠣᠯᠠᠨ ᠨᠠᠩ   ᠰᠠᠢ᠌ᠨ   ᠪᠡᠶ᠎ᠡ ᠵᠢᠨ   ᠲᠠᠮᠢᠷ ᠎ᠤᠨ   ᠣᠯᠠᠨ   ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠵᠤ᠂ ᠨᠠᠩ ᠣᠯᠠᠨ ᠬᠥᠮᠥᠨ᠎ᠳᠤ ᠨᠡᠢ᠌ᠭᠡᠮ᠎ᠤᠨ ᠳᠠᠪᠰᠢᠯᠲᠠ ᠪᠠ ᠪᠡᠶ᠎ᠡ ᠵᠢᠨ ᠲᠠᠮᠢᠷ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠡᠳ᠋ᠯᠡᠭᠦᠯᠵᠦ᠂ ᠠᠷᠠᠳ ᠣᠯᠠᠨ᠎ᠤ ᠪᠡᠶ᠎ᠡ ᠵᠢᠨ ᠲᠠᠮᠢᠷ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠩᠭ᠋ᠠᠵᠤ᠂ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠥᠷᠨᠢᠩᠭᠦᠢ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠷᠬᠡᠢ᠌ᠯᠡᠵᠦ ᠪᠠᠢ᠌ᠪᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ ᠭᠤᠷᠪᠠᠳᠤᠭ᠋ᠠᠷ ᠬᠤᠭᠤᠴᠠᠭ᠋ᠠᠨ᠎ᠤ ᠨᠡᠷᠡᠭᠦᠢ ᠨᠢᠳᠤᠷᠭ᠎ᠠ ᠵᠢᠨ ᠦᠵᠡᠭᠦᠯᠦᠯᠭᠡ ᠵᠢᠨ ᠠᠵᠢᠯᠯᠠᠭ᠎ᠠ ᠡᠷᠭᠢᠯᠡᠪᠡ
ᠠᠯᠠᠱ᠌ᠠ ᠠᠢ᠌ᠮᠠᠭ 2022 ᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠪᠠᠢ᠌ᠴᠠᠭ᠋ᠠᠯᠲᠠ ᠵᠢᠨ ᠠᠵᠢᠯ᠎ᠢ ᠪᠡᠶᠡᠯᠡᠭᠦᠯᠪᠡ
ᠬᠥᠬᠡᠬᠣᠲᠠ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠵᠢᠨ ᠰᠦᠯᠵᠢᠶᠡᠨ ᠳᠡᠭᠡᠷᠡᠬᠢ ᠳᠡᠯᠭᠡᠨ ᠦᠵᠡᠭᠦᠯᠬᠦ ᠠᠵᠢᠯᠯᠠᠭ᠎ᠠ ᠡᠷᠭᠢᠯᠡᠪᠡ
ᠤᠷᠳᠤᠰ ᠬᠤᠳᠠ ᠫᠢᠩᠫᠠᠩ ᠪᠥᠮᠪᠥᠭᠡ ᠵᠢᠨ ᠤᠯᠤᠰ᠎ᠤᠨ ᠨᠢᠭᠡᠳᠦᠭᠡᠷ ᠳᠡᠰ᠎ᠤᠨ ᠬᠢᠨᠠᠭᠴᠢ ᠵᠢᠨ ᠪᠣᠯᠪᠠᠰᠤᠷᠠᠯ ᠡᠷᠬᠢᠯᠡᠪᠡ
ᠠᠯᠠᠱ᠌ᠠ ᠠᠢ᠌ᠮᠠᠭ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠵᠢᠴᠢ 《ᠬᠠᠰ ᠲᠠᠤᠯᠠᠢ ᠬᠤᠨᠳᠠᠭ᠋ᠠᠲᠤ》 ᠫᠢᠩᠫᠠᠩ ᠪᠥᠮᠪᠥᠭᠡ ᠵᠢᠨ ᠨᠥᠬᠥᠷᠯᠡᠯ᠎ᠤᠨ ᠤᠷᠤᠯᠳᠤᠭ᠋ᠠᠨ ᠥᠨᠳᠥᠷᠯᠡᠪᠡ
 
            