ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠢᠩᠭ᠋ᠠᠨ ᠠᠢ᠌ᠮᠠᠭ ᠭᠤᠷᠪᠠᠳᠤᠭ᠋ᠠᠷ ᠬᠤᠭᠤᠴᠠᠭ᠋ᠠᠨ᠎ᠤ ᠨᠡᠷᠡᠭᠦᠢ ᠨᠢᠳᠤᠷᠭ᠎ᠠ ᠵᠢᠨ ᠦᠵᠡᠭᠦᠯᠦᠯᠭᠡ ᠵᠢᠨ ᠠᠵᠢᠯᠯᠠᠭ᠎ᠠ ᠡᠷᠭᠢᠯᠡᠪᠡ
ᠨᠡᠶ᠋ᠢᠲᠡᠯᠡᠭᠰᠡᠨ ᠴᠠᠭ᠄ 2022-11-08

    ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠳᠤᠮᠳᠠᠳᠤ ᠵᠢᠨ ᠨᠡᠷᠡᠭᠦᠢ ᠨᠢᠳᠦᠷᠭ᠎ᠠ ᠵᠢᠨ ᠰᠣᠶᠣᠯ᠎ᠢ ᠪᠠᠳᠠᠷᠠᠭᠤᠯᠤᠨ ᠵᠠᠯᠭ᠋ᠠᠮᠵᠢᠯᠠᠵᠤ᠂ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠠᠮᠢᠳᠤᠷᠠᠯ᠎ᠤᠨ ᠠᠬᠢᠴᠠ ᠵᠢ ᠠᠬᠢᠭᠤᠯᠬᠤ ᠵᠢᠨ ᠲᠥᠯᠥᠭᠡ᠂ 11 ᠰᠠᠷ᠎ᠠ ᠵᠢᠨ 5᠎ᠤ ᠡᠳᠦᠷ᠎ᠠᠴᠠ 6᠎ᠤ ᠡᠳᠦᠷ ᠪᠣᠯᠲᠠᠯ᠎ᠠ᠂ ᠬᠢᠩᠭ᠋ᠠᠨ ᠠᠢ᠌ᠮᠠᠭ ᠭᠤᠷᠪᠠᠳᠤᠭ᠋ᠠᠷ ᠬᠤᠭᠤᠴᠠᠭ᠋ᠠᠨ᠎ᠤ ᠨᠡᠷᠡᠭᠦᠢ᠎ᠢ ᠨᠢᠳᠤᠷᠭ᠎ᠠ ᠵᠢᠨ ᠦᠵᠡᠭᠦᠯᠦᠯᠭᠡ ᠵᠢᠨ ᠠᠵᠢᠯᠯᠠᠭ᠎ᠠ ᠡᠷᠭᠢᠯᠡᠪᠡ᠃
    ᠲᠣᠰ ᠤᠳᠠᠭ᠋ᠠᠨ᠎ᠤ ᠠᠵᠢᠯᠯᠠᠭ᠎ᠠ ᠵᠢ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠢᠩᠭ᠋ᠠᠨ ᠠᠢ᠌ᠮᠠᠭ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠡᠪᠯᠡᠯ᠎ᠠᠴᠠ ᠭᠣᠣᠯᠯᠠᠨ ᠡᠷᠭᠢᠯᠡᠵᠦ᠂ ᠪᠥᠬᠥ ᠠᠢ᠌ᠮᠠᠭ᠎ᠤᠨ ᠡᠯ᠎ᠡ ᠬᠣᠰᠢᠭᠤ ᠰᠢᠶᠠᠨ ᠬᠣᠲᠠ ᠪᠣᠯᠣᠨ ᠬᠠᠮᠢᠶ᠎ᠠ ᠪᠦᠬᠦᠢ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 19 ᠲᠥᠯᠥᠭᠡᠯᠡᠭᠴᠢᠳ᠎ᠤᠨ ᠪᠠᠭ ᠣᠷᠣᠯᠴᠠᠵᠠᠢ᠂ ᠲᠣᠰ ᠠᠵᠢᠯᠯᠠᠭ᠎ᠠ᠎ᠳᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠲᠠᠯᠠᠪᠤᠷ᠎ᠤᠨ ᠬᠥᠮᠥᠨ᠎ᠤ ᠲᠣᠭ᠎ᠠ ᠵᠢ 50 ᠬᠥᠮᠥᠨ᠎ᠠᠴᠠ ᠳᠣᠷᠣᠭᠰᠢ ᠬᠢᠵᠠᠭ᠋ᠠᠷᠯᠠᠵᠤ᠂ ᠴᠠᠭ ᠬᠤᠭᠤᠴᠠᠭ᠎ᠠ ᠬᠤᠪᠢᠶᠠᠨ ᠶᠠᠪᠤᠭᠳᠠᠭᠤᠯᠵᠠᠢ᠃   ᠠᠵᠢᠯᠯᠠᠭ᠎ᠠ᠎ᠳᠤ ᠤᠷᠤᠯᠴᠠᠭᠰᠠᠨ ᠲᠤᠬᠠᠢ ᠵᠢᠨ ᠲᠠᠯᠠᠪᠠᠶ ᠵᠢᠨ ᠲᠠᠮᠢᠷᠴᠢᠳ ᠨᠡᠷᠡᠭᠦᠢ ᠨᠢᠳᠤᠷᠭ᠎ᠠ ᠵᠢᠨ ᠬᠤᠪᠴᠠᠰᠤ ᠡᠮᠦᠰᠦᠨ ᠤᠶᠠᠬᠠᠨ ᠠᠶᠠᠲᠠᠢ ᠬᠥᠭᠵᠢᠮ᠎ᠤᠨ ᠳᠤᠮᠳᠠ ᠨᠡᠷᠡᠭᠦᠢ ᠨᠢᠳᠤᠷᠭ᠎ᠠ ᠵᠢᠨ ᠥᠪᠡᠷᠮᠢᠴᠡ ᠷᠢᠳᠢ ᠰᠢᠳᠢ ᠵᠢ ᠭᠠᠢ᠌ᠬᠠᠭᠤᠯᠪᠠ᠃
    ᠲᠤᠰ ᠤᠳᠠᠭ᠎ᠠ ᠵᠢᠨ ᠠᠵᠢᠯᠯᠠᠭ᠎ᠠ᠎ᠨᠢ ᠥᠷᠭᠡᠨ ᠤᠯᠠᠨ ᠲᠦᠮᠡᠨ᠎ᠳᠤ ᠰᠢᠯᠢᠳᠡᠭ ᠪᠡᠶ᠎ᠡ ᠴᠢᠭᠢᠷᠠᠭᠵᠢᠭᠤᠯᠬᠤ ᠲᠦᠷᠦᠯ ᠵᠦᠢ᠍ᠯ᠎ᠢ ᠬᠠᠩᠭ᠋ᠠᠵᠤ᠂ ᠨᠡᠩ ᠤᠯᠠᠨ ᠬᠥᠮᠥᠰ᠎ᠲᠤ ᠨᠡᠷᠡᠬᠦᠢ ᠨᠢᠳᠤᠷᠭ᠎ᠠ ᠵᠢ ᠣᠢ᠌ᠯᠠᠭ᠋ᠠᠭᠤᠯᠵᠤ᠂ ᠨᠡᠷᠡᠬᠦᠢ ᠨᠢᠳᠤᠷᠭ᠎ᠠ ᠵᠢ ᠪᠠᠬᠠᠷᠤᠭᠤᠯᠵᠤ᠂ ᠨᠡᠷᠡᠬᠦᠢ ᠨᠢᠳᠤᠷᠭ᠎ᠠ ᠵᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠠᠮᠢᠳᠤᠷᠠᠯ᠎ᠢ ᠠᠬᠢᠭᠤᠯᠬᠤ᠂ ᠤᠯᠠᠨ ᠲᠦᠮᠡᠨᠴᠢ ᠪᠡᠶ᠎ᠡ ᠵᠢᠨ ᠲᠠᠮᠢᠷ ᠪᠣᠯᠣᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠦᠬᠦ ᠲᠠᠯ᠎ᠠ ᠵᠢᠨ ᠬᠥᠭᠵᠢᠯᠲᠡ ᠵᠢ ᠨᠠᠢ᠌ᠳᠠᠪᠤᠷᠢᠵᠢᠭᠤᠯᠤᠨ ᠠᠬᠢᠭᠤᠯᠬᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠪᠡ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ 2022 ᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠪᠠᠢ᠌ᠴᠠᠭ᠋ᠠᠯᠲᠠ ᠵᠢᠨ ᠠᠵᠢᠯ᠎ᠢ ᠪᠡᠶᠡᠯᠡᠭᠦᠯᠪᠡ
ᠬᠥᠬᠡᠬᠣᠲᠠ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠵᠢᠨ ᠰᠦᠯᠵᠢᠶᠡᠨ ᠳᠡᠭᠡᠷᠡᠬᠢ ᠳᠡᠯᠭᠡᠨ ᠦᠵᠡᠭᠦᠯᠬᠦ ᠠᠵᠢᠯᠯᠠᠭ᠎ᠠ ᠡᠷᠭᠢᠯᠡᠪᠡ
ᠤᠷᠳᠤᠰ ᠬᠤᠳᠠ ᠫᠢᠩᠫᠠᠩ ᠪᠥᠮᠪᠥᠭᠡ ᠵᠢᠨ ᠤᠯᠤᠰ᠎ᠤᠨ ᠨᠢᠭᠡᠳᠦᠭᠡᠷ ᠳᠡᠰ᠎ᠤᠨ ᠬᠢᠨᠠᠭᠴᠢ ᠵᠢᠨ ᠪᠣᠯᠪᠠᠰᠤᠷᠠᠯ ᠡᠷᠬᠢᠯᠡᠪᠡ
ᠠᠯᠠᠱ᠌ᠠ ᠠᠢ᠌ᠮᠠᠭ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠵᠢᠴᠢ 《ᠬᠠᠰ ᠲᠠᠤᠯᠠᠢ ᠬᠤᠨᠳᠠᠭ᠋ᠠᠲᠤ》 ᠫᠢᠩᠫᠠᠩ ᠪᠥᠮᠪᠥᠭᠡ ᠵᠢᠨ ᠨᠥᠬᠥᠷᠯᠡᠯ᠎ᠤᠨ ᠤᠷᠤᠯᠳᠤᠭ᠋ᠠᠨ ᠥᠨᠳᠥᠷᠯᠡᠪᠡ
2022 ᠣᠨ᠎ᠤ ᠪᠤᠭᠤᠲᠤ ᠬᠣᠲᠠ ᠵᠢᠨ 《ᠲᠠᠮᠢᠷ᠎ᠤᠨ ᠰᠤᠭᠤᠯᠤᠭ᠎ᠠ ᠬᠤᠨᠳᠠᠭ᠋ᠠᠳᠦ》 ᠬᠤᠳᠠ ᠵᠢᠨ ᠬᠦᠯ ᠪᠦᠮᠪᠦᠭᠡ ᠵᠢᠨ ᠬᠤᠯᠪᠤᠭ᠋ᠠᠳᠦ ᠤᠷᠤᠯᠳᠤᠭ᠋ᠠᠨ ᠵᠢᠴᠢ 《ᠪᠡᠶ᠎ᠡ ᠵᠢᠨ ᠲᠠᠮᠢᠷ᠎ᠤᠨ ᠶᠡᠷᠦᠩᠬᠡᠢ ᠬᠤᠨᠳᠠᠭ᠋ᠠᠲᠤ》 ᠳᠤᠮᠳᠠᠳᠤ ᠤᠯᠤᠰ᠎ᠤᠨ ᠬᠣᠲᠠ ᠵᠢᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ ᠦᠨᠳᠦᠷᠯᠡᠪᠡ
 
            