ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠠᠯᠠᠱ᠌ᠠ ᠠᠢ᠌ᠮᠠᠭ 2022 ᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠪᠠᠢ᠌ᠴᠠᠭ᠋ᠠᠯᠲᠠ ᠵᠢᠨ ᠠᠵᠢᠯ᠎ᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2022-12-05

  ᠣᠢ᠌ᠷ᠎ᠠ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ 2022 ᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠪᠠᠢ᠌ᠴᠠᠭ᠋ᠠᠯᠲᠠ ᠵᠢᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠠᠯᠠᠱ᠌ᠠ ᠠᠢ᠌ᠮᠠᠭ 2022 ᠣᠨ᠎ᠤ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠪᠠᠢ᠌ᠴᠠᠭ᠋ᠠᠯᠲᠠ ᠵᠢᠨ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃


    ᠲᠣᠰ ᠤᠳᠠᠭ᠋ᠠᠨ᠎ᠤ ᠪᠠᠢ᠌ᠴᠠᠭ᠋ᠠᠯᠲᠠ᠎ᠳᠤ ᠪᠥᠬᠥ ᠠᠢ᠌ᠮᠠᠭ᠎ᠤᠨ 3 ᠬᠣᠰᠢᠭᠤ (ᠲᠣᠭᠣᠷᠢᠭ) ᠵᠢᠨ 11 ᠰᠤᠮᠤ ᠪᠠᠯᠭ᠋ᠠᠰᠤ (ᠵᠡᠭᠡᠯᠢ ᠭᠤᠳᠤᠮᠵᠢ) ᠵᠢᠨ 13 ᠭᠠᠴᠠᠭ᠎ᠠ (ᠨᠡᠢ᠌ᠭᠡᠮ ᠲᠣᠭᠣᠷᠢᠭ) ᠵᠢᠨ 3 ᠪᠦᠬᠦᠯᠢ ᠨᠠᠰᠤᠨ᠎ᠠᠴᠠ ᠳᠡᠭᠡᠭᠰᠢᠬᠢ ᠪᠠᠢ᠌ᠩᠭᠤ ᠰᠠᠭᠤᠭ᠎ᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠢ ᠬᠠᠮᠤᠷᠪᠠ᠃


    ᠠᠯᠠᠱ᠌ᠠ ᠠᠢ᠌ᠮᠠᠭ᠎ᠤᠨ 2022 ᠣᠨ᠎ᠤ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠪᠠᠢ᠌ᠴᠠᠭ᠋ᠠᠯᠲᠠ᠎ᠨᠢ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠳᠦᠷ ᠳᠤᠳᠤᠮ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠴᠠᠭ᠂ ᠳᠠᠪᠲᠠᠮᠵᠢ᠂ ᠬᠦᠴᠦᠯᠡᠴᠡ ᠵᠢᠴᠢ ᠪᠡᠶ᠎ᠡ ᠵᠢᠨ ᠲᠠᠮᠢᠷ᠎ᠤᠨ ᠵᠢᠯᠣᠭᠣᠳᠤᠯᠭ᠎ᠠ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠠᠯᠠᠪᠤᠷ᠂ ᠪᠡᠶ᠎ᠡ ᠵᠢᠨ ᠲᠠᠮᠢᠷ᠎ᠤᠨ ᠬᠡᠷᠡᠭᠯᠡᠭᠡᠨ᠎ᠤ ᠲᠦᠪᠰᠢᠨ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠵᠢ ᠣᠢ᠌ᠯᠠᠭ᠋ᠠᠬᠤ ᠬᠡᠮᠵᠢᠶ᠎ᠡ ᠪᠣᠯᠣᠨ ᠪᠡᠶ᠎ᠡ ᠵᠢᠨ ᠲᠠᠮᠢᠷ᠎ᠤᠨ ᠰᠣᠶᠣᠯ᠎ᠢ ᠮᠡᠳᠡᠷᠡᠬᠦ ᠬᠡᠮᠵᠢᠶ᠎ᠡ ᠵᠡᠷᠭᠡ ᠪᠠᠢ᠌ᠳᠠᠯ᠎ᠳᠤ ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠯᠲᠠ ᠬᠢᠵᠦ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠪᠠᠢ᠌ᠩᠭᠤ ᠣᠷᠤᠯᠴᠠᠬᠤ ᠬᠥᠮᠥᠨ᠎ᠤ ᠲᠣᠭ᠎ᠠ ᠪᠠ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠬᠡᠪ ᠪᠣᠯᠪᠠᠰᠤᠷᠠᠯ᠎ᠢ ᠰᠢᠨᠵᠢᠯᠡᠬᠦ ᠤᠬᠠᠭ᠋ᠠᠨᠴᠢ᠎ᠪᠠᠷ ᠵᠠᠳᠠᠯᠵᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ ᠰᠤᠳᠤᠯᠤᠨ ᠲᠣᠭᠲᠠᠭ᠋ᠠᠬᠤ᠎ᠳᠤ ᠲᠣᠭ᠎ᠠ ᠪᠠᠷᠢᠮᠲᠠ ᠵᠢᠨ ᠳᠡᠮᠵᠢᠯᠭᠡ ᠬᠠᠩᠭ᠋ᠠᠵᠤ᠂ ᠴᠢᠨᠡᠭᠡᠯᠢᠭ ᠨᠡᠢ᠌ᠭᠡᠮ᠎ᠯᠦᠭᠡ ᠵᠣᠬᠢᠴᠠᠯᠳᠤᠭᠰᠠᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠵᠤ᠂ ᠦᠨᠳᠦᠰᠦᠨ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠢ ᠠᠳᠠᠯᠢ ᠲᠡᠭᠰᠢ ᠪᠣᠯᠭ᠋ᠠᠬᠤ ᠵᠢ ᠪᠡᠶᠡᠯᠡᠭᠦᠯᠬᠦ᠎ᠳᠤ ᠪᠠᠲᠤᠯᠠᠭ᠎ᠠ ᠬᠠᠩᠭ᠋ᠠᠨ᠎ᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠣᠲᠠ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠵᠢᠨ ᠰᠦᠯᠵᠢᠶᠡᠨ ᠳᠡᠭᠡᠷᠡᠬᠢ ᠳᠡᠯᠭᠡᠨ ᠦᠵᠡᠭᠦᠯᠬᠦ ᠠᠵᠢᠯᠯᠠᠭ᠎ᠠ ᠡᠷᠭᠢᠯᠡᠪᠡ
ᠤᠷᠳᠤᠰ ᠬᠤᠳᠠ ᠫᠢᠩᠫᠠᠩ ᠪᠥᠮᠪᠥᠭᠡ ᠵᠢᠨ ᠤᠯᠤᠰ᠎ᠤᠨ ᠨᠢᠭᠡᠳᠦᠭᠡᠷ ᠳᠡᠰ᠎ᠤᠨ ᠬᠢᠨᠠᠭᠴᠢ ᠵᠢᠨ ᠪᠣᠯᠪᠠᠰᠤᠷᠠᠯ ᠡᠷᠬᠢᠯᠡᠪᠡ
ᠠᠯᠠᠱ᠌ᠠ ᠠᠢ᠌ᠮᠠᠭ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠵᠢᠴᠢ 《ᠬᠠᠰ ᠲᠠᠤᠯᠠᠢ ᠬᠤᠨᠳᠠᠭ᠋ᠠᠲᠤ》 ᠫᠢᠩᠫᠠᠩ ᠪᠥᠮᠪᠥᠭᠡ ᠵᠢᠨ ᠨᠥᠬᠥᠷᠯᠡᠯ᠎ᠤᠨ ᠤᠷᠤᠯᠳᠤᠭ᠋ᠠᠨ ᠥᠨᠳᠥᠷᠯᠡᠪᠡ
2022 ᠣᠨ᠎ᠤ ᠪᠤᠭᠤᠲᠤ ᠬᠣᠲᠠ ᠵᠢᠨ 《ᠲᠠᠮᠢᠷ᠎ᠤᠨ ᠰᠤᠭᠤᠯᠤᠭ᠎ᠠ ᠬᠤᠨᠳᠠᠭ᠋ᠠᠳᠦ》 ᠬᠤᠳᠠ ᠵᠢᠨ ᠬᠦᠯ ᠪᠦᠮᠪᠦᠭᠡ ᠵᠢᠨ ᠬᠤᠯᠪᠤᠭ᠋ᠠᠳᠦ ᠤᠷᠤᠯᠳᠤᠭ᠋ᠠᠨ ᠵᠢᠴᠢ 《ᠪᠡᠶ᠎ᠡ ᠵᠢᠨ ᠲᠠᠮᠢᠷ᠎ᠤᠨ ᠶᠡᠷᠦᠩᠬᠡᠢ ᠬᠤᠨᠳᠠᠭ᠋ᠠᠲᠤ》 ᠳᠤᠮᠳᠠᠳᠤ ᠤᠯᠤᠰ᠎ᠤᠨ ᠬᠣᠲᠠ ᠵᠢᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ ᠦᠨᠳᠦᠷᠯᠡᠪᠡ
2022—2023 ᠤᠷᠤᠯᠳᠤᠭ᠋ᠠᠨ᠎ᠤ ᠤᠯᠠᠷᠢᠯ᠎ᠤᠨ ᠪᠥᠬᠥ ᠤᠯᠤᠰ᠎ᠤᠨ ᠲᠦᠷᠭᠡᠨ ᠲᠡᠰᠢᠯᠲᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠳ ᠰᠢᠯᠢᠳᠡᠭ ᠬᠢᠷᠢ ᠪᠦᠲᠦᠮᠵᠢ ᠣᠯᠪᠠ
 
            