ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠥᠬᠡᠬᠣᠲᠠ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠵᠢᠨ ᠰᠦᠯᠵᠢᠶᠡᠨ ᠳᠡᠭᠡᠷᠡᠬᠢ ᠳᠡᠯᠭᠡᠨ ᠦᠵᠡᠭᠦᠯᠬᠦ ᠠᠵᠢᠯᠯᠠᠭ᠎ᠠ ᠡᠷᠭᠢᠯᠡᠪᠡ
ᠨᠡᠶ᠋ᠢᠲᠡᠯᠡᠭᠰᠡᠨ ᠴᠠᠭ᠄ 2022-12-08

    ᠡᠨᠡ ᠵᠢᠯ᠎ᠤᠨ 12 ᠰᠠᠷ᠎ᠠ ᠵᠢᠨ 5᠎ᠤ ᠡᠳᠦᠷ ᠪᠣᠯ 37 ᠳ᠋ᠤᠭ᠋ᠠᠷ ᠤᠳᠠᠭ᠋ᠠᠨ᠎ᠤ ᠣᠯᠠᠨ ᠤᠯᠤᠰ᠎ᠤᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠡᠳᠦᠷ ᠪᠣᠯᠣᠨ᠎ᠠ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠵᠤᠷᠭ᠋ᠠᠨ᠎ᠠᠴᠠ ᠰᠡᠳᠦᠭᠰᠡᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠭᠣᠣᠯ ᠰᠡᠳᠦᠪᠲᠦ ᠵᠢᠱ᠌ᠢᠶ᠎ᠡ ᠦᠵᠡᠭᠦᠯᠬᠦ ᠠᠵᠢᠯᠯᠠᠭ᠎ᠠ ᠣᠢ᠌ᠷ᠎ᠠ᠎ᠳᠤ ᠵᠠᠯᠭ᠋ᠠᠭ᠎ᠠ᠎ᠪᠠᠷ ᠶᠠᠪᠤᠭᠳᠠᠪᠠ᠃ ᠡᠨᠡ ᠵᠢᠯ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠭᠣᠣᠯ ᠰᠡᠳᠦᠪᠲᠦ ᠵᠢᠱ᠌ᠢᠶ᠎ᠡ ᠦᠵᠡᠭᠦᠯᠬᠦ ᠠᠵᠢᠯᠯᠠᠭ᠎ᠠ ᠵᠢᠨ ᠭᠣᠣᠯ ᠰᠡᠳᠦᠪ᠎ᠨᠢ 《ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠬᠢᠷᠠᠭᠵᠢᠭᠤᠯᠵᠦ · ᠰᠠᠢ᠌ᠨ ᠳᠤᠷ᠎ᠠ ᠵᠢᠨ ᠦᠢ᠍ᠯᠡᠴᠢᠯᠡᠭᠡ ᠲᠠᠨ᠎ᠳᠤ ᠬᠠᠨᠢ ᠪᠤᠯᠤᠶ᠎ᠡ》 ᠪᠣᠯᠣᠨ᠎ᠠ᠃ ᠠᠵᠢᠯᠯᠠᠭ᠎ᠠ ᠵᠢᠨ ᠭᠣᠣᠯ ᠰᠡᠳᠦᠪ᠎ᠢ ᠦᠢ᠍ᠯᠡᠳᠦᠯᠭᠡᠵᠢᠭᠦᠯᠬᠦ ᠵᠢᠨ ᠲᠥᠯᠥᠭᠡ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠬᠥᠬᠡᠬᠣᠲᠠ ᠵᠢᠨ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠵᠢᠨ ᠰᠦᠯᠵᠢᠶᠡᠨ ᠳᠡᠭᠡᠷᠡᠬᠢ ᠳᠡᠯᠭᠡᠨ ᠦᠵᠡᠭᠦᠯᠬᠦ ᠠᠵᠢᠯᠯᠠᠭ᠎ᠠ ᠵᠢ ᠡᠷᠭᠢᠯᠡᠭᠰᠡᠨ ᠪᠥᠭᠡᠳ ᠡᠯ᠎ᠡ ᠬᠣᠰᠢᠭᠤ ᠰᠢᠶᠠᠨ ᠲᠣᠭᠣᠷᠢᠭ᠎ᠢ ᠳᠠᠶ᠋ᠢᠴᠢᠯᠠᠨ᠂ ᠣᠯᠠᠨ ᠤᠯᠤᠰ᠎ᠤᠨ ᠰᠠᠢ᠌ᠨ ᠳᠤᠷ᠎ᠠ ᠵᠢᠨ ᠠᠵᠢᠯᠯᠠᠭ᠎ᠠ ᠵᠢᠨ ᠡᠳᠦᠷ᠎ᠤᠨ ᠤᠷᠢᠳ ᠬᠣᠵᠢᠳ ᠵᠶ᠋ᠠᠷ ᠠᠭᠤᠯᠭ᠎ᠠ᠎ᠪᠠᠷ ᠪᠠᠶᠠᠯᠢᠭ᠂ ᠬᠡᠯᠪᠡᠷᠢ ᠮᠠᠶᠢᠭ ᠵᠶ᠋ᠠᠷ ᠣᠯᠠᠨ ᠶᠠᠩᠵᠤ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠠᠯᠭ᠋ᠠᠭ᠎ᠠ᠎ᠪᠠᠷ ᠥᠷᠨᠢᠭᠦᠯᠪᠡ᠃


    ᠲᠣᠰ ᠤᠳᠠᠭ᠋ᠠᠨ᠎ᠤ ᠠᠵᠢᠯᠯᠠᠭ᠎ᠠ ᠵᠢ ᠤᠯᠤᠰ᠎ᠤᠨ ᠲᠠᠰ᠎ᠤᠨ ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠰᠥᠩ ᠯᠢᠩ ᠮᠢᠨ᠂ ᠬᠠᠨ ᠶᠠᠨ ᠪᠥᠬᠥ ᠶᠠᠪᠤᠴᠠ᠎ᠳᠤ   ᠵᠢᠯᠤᠭᠤᠳᠤᠪᠠ᠃ ᠡᠮᠦᠨᠡᠬᠢ ᠬᠤᠭᠤᠴᠠᠭ᠋ᠠᠨ᠎ᠤ ᠠᠯᠪᠠᠨ ᠵᠢᠷᠤᠮ᠎ᠤᠨ   ᠪᠤᠯᠪᠠᠰᠤᠷᠠᠯ᠎ᠳᠤ ᠵᠠᠭᠤ ᠰᠢᠬᠠᠮ ᠪᠡᠶ᠎ᠡ ᠴᠢᠭᠢᠷᠠᠭᠵᠢᠭᠤᠯᠬᠤ ᠳᠤᠷ᠎ᠠ ᠪᠠᠬᠠᠲᠠᠢ ᠬᠥᠮᠥᠰ᠎ᠲᠤ ᠪᠤᠯᠪᠠᠰᠤᠷᠠᠯ ᠬᠦᠷᠳᠡᠭᠡᠭᠰᠡᠨ ᠪᠠᠢ᠌ᠨ᠎ᠠ᠃ ᠰᠦᠯᠵᠢᠶᠡᠨ ᠳᠡᠭᠡᠷᠡᠬᠢ ᠦᠵᠡᠭᠦᠯᠦᠯᠭᠡ ᠵᠢᠨ ᠠᠵᠢᠯᠯᠠᠭ᠎ᠠ᠎ᠳᠤ 60 ᠬᠥᠮᠥᠨ ᠤᠷᠤᠯᠴᠠᠪᠠ᠃ ᠲᠣᠰ ᠤᠳᠠᠭ᠋ᠠᠨ᠎ᠤ ᠦᠵᠡᠭᠦᠯᠦᠯᠭᠡ ᠵᠢᠨ ᠠᠵᠢᠯᠯᠠᠭ᠎ᠠ᠎ᠳᠤ ᠨᠡᠶ᠋ᠢᠲᠡ 2 ᠲᠣᠭᠯᠠᠯᠲᠠ ᠭᠠᠷᠭ᠋ᠠᠵᠠᠢ᠂ ᠥᠷᠭᠡᠨ ᠤᠯᠠᠨ ᠪᠡᠶ᠎ᠡ ᠴᠢᠭᠢᠷᠠᠭᠵᠢᠭᠤᠯᠬᠤ ᠳᠤᠷᠠᠲᠠᠢ ᠬᠥᠮᠥᠰ ᠰᠦᠯᠵᠢᠶᠡᠨ ᠲᠡᠭᠡᠷ᠎ᠡ᠎ᠠᠴᠠ ᠠᠵᠢᠯᠯᠠᠭ᠎ᠠ ᠵᠢ ᠰᠣᠨᠢᠷᠬᠠᠵᠤ ᠪᠣᠯᠣᠨ᠎ᠠ᠃

ᠢᠷᠡᠯᠲᠡ᠄ ᠲᠤᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠷᠳᠤᠰ ᠬᠤᠳᠠ ᠫᠢᠩᠫᠠᠩ ᠪᠥᠮᠪᠥᠭᠡ ᠵᠢᠨ ᠤᠯᠤᠰ᠎ᠤᠨ ᠨᠢᠭᠡᠳᠦᠭᠡᠷ ᠳᠡᠰ᠎ᠤᠨ ᠬᠢᠨᠠᠭᠴᠢ ᠵᠢᠨ ᠪᠣᠯᠪᠠᠰᠤᠷᠠᠯ ᠡᠷᠬᠢᠯᠡᠪᠡ
ᠠᠯᠠᠱ᠌ᠠ ᠠᠢ᠌ᠮᠠᠭ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠵᠢᠴᠢ 《ᠬᠠᠰ ᠲᠠᠤᠯᠠᠢ ᠬᠤᠨᠳᠠᠭ᠋ᠠᠲᠤ》 ᠫᠢᠩᠫᠠᠩ ᠪᠥᠮᠪᠥᠭᠡ ᠵᠢᠨ ᠨᠥᠬᠥᠷᠯᠡᠯ᠎ᠤᠨ ᠤᠷᠤᠯᠳᠤᠭ᠋ᠠᠨ ᠥᠨᠳᠥᠷᠯᠡᠪᠡ
2022 ᠣᠨ᠎ᠤ ᠪᠤᠭᠤᠲᠤ ᠬᠣᠲᠠ ᠵᠢᠨ 《ᠲᠠᠮᠢᠷ᠎ᠤᠨ ᠰᠤᠭᠤᠯᠤᠭ᠎ᠠ ᠬᠤᠨᠳᠠᠭ᠋ᠠᠳᠦ》 ᠬᠤᠳᠠ ᠵᠢᠨ ᠬᠦᠯ ᠪᠦᠮᠪᠦᠭᠡ ᠵᠢᠨ ᠬᠤᠯᠪᠤᠭ᠋ᠠᠳᠦ ᠤᠷᠤᠯᠳᠤᠭ᠋ᠠᠨ ᠵᠢᠴᠢ 《ᠪᠡᠶ᠎ᠡ ᠵᠢᠨ ᠲᠠᠮᠢᠷ᠎ᠤᠨ ᠶᠡᠷᠦᠩᠬᠡᠢ ᠬᠤᠨᠳᠠᠭ᠋ᠠᠲᠤ》 ᠳᠤᠮᠳᠠᠳᠤ ᠤᠯᠤᠰ᠎ᠤᠨ ᠬᠣᠲᠠ ᠵᠢᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ᠎ᠤ ᠰᠢᠯᠭ᠋ᠠᠷᠠᠭᠤᠯᠬᠤ ᠤᠷᠤᠯᠳᠤᠭ᠋ᠠᠨ ᠦᠨᠳᠦᠷᠯᠡᠪᠡ
2022—2023 ᠤᠷᠤᠯᠳᠤᠭ᠋ᠠᠨ᠎ᠤ ᠤᠯᠠᠷᠢᠯ᠎ᠤᠨ ᠪᠥᠬᠥ ᠤᠯᠤᠰ᠎ᠤᠨ ᠲᠦᠷᠭᠡᠨ ᠲᠡᠰᠢᠯᠲᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠳᠤ ᠮᠠᠨ᠎ᠤ ᠣᠷᠣᠨ᠎ᠤ ᠲᠠᠮᠢᠷᠴᠢᠳ ᠰᠢᠯᠢᠳᠡᠭ ᠬᠢᠷᠢ ᠪᠦᠲᠦᠮᠵᠢ ᠣᠯᠪᠠ
ᠠᠯᠠᠱ᠌ᠠ ᠠᠢ᠌ᠮᠠᠭ᠎ᠤᠨ ᠲᠠᠮᠢᠷᠴᠢᠨ ᠠᠩᠬ᠎ᠠ ᠤᠳᠠᠭ᠎ᠠ ᠪᠦᠬᠦ ᠤᠯᠤᠰ᠎ᠤᠨ ᠵᠢᠣᠳᠣᠣ ᠵᠢᠨ ᠤᠷᠤᠯᠳᠤᠭ᠋ᠠᠨ᠎ᠳᠤ ᠠᠯᠲᠠᠨ ᠮᠧᠳᠠᠯ ᠣᠯᠪᠠ
 
            