ᠤᠢ᠌ᠷ᠎ᠠ᠎ᠳᠤ᠂ ᠬᠦᠬᠡᠬᠤᠳᠠ ᠵᠢᠨ ᠪᠡᠶ᠎ᠡ ᠵᠢᠨ ᠲᠠᠮᠢᠷ᠎ᠤᠨ ᠲᠤᠪᠴᠢᠶ᠎ᠡ᠎ᠠᠴᠠ ᠭᠤᠤᠯᠯᠠᠨ ᠡᠷᠬᠢᠯᠡᠭᠰᠡᠨ ᠨᠡᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠤᠯᠠᠨ ᠲᠦᠮᠡᠨᠴᠢ ᠮᠦᠰᠦ ᠴᠠᠰᠤᠨ᠎ᠤ ᠪᠡᠶ᠎ᠡ ᠵᠢᠨ ᠲᠠᠮᠢᠷ᠎ᠤᠨ ᠤᠯᠠᠷᠢᠯ᠎ᠤᠨ ᠰᠢᠷᠢᠰ ᠠᠵᠢᠯᠯᠠᠭ᠎ᠠ ᠵᠢᠨ ᠨᠢᠭᠡ ᠪᠤᠯᠬᠤ ᠬᠦᠬᠡᠬᠤᠳᠠ ᠵᠢᠨ ᠬᠤᠶᠠᠳᠤᠭ᠋ᠠᠷ ᠬᠤᠭᠤᠴᠠᠭ᠋ᠠᠨ᠎ᠤ ᠮᠦᠰᠦ ᠴᠠᠰᠤᠨ᠎ᠤ ᠪᠡᠶ᠎ᠡ ᠵᠢᠨ ᠲᠠᠮᠢᠷ᠎ᠤᠨ ᠤᠯᠠᠷᠢᠯ᠎ᠤᠨ ᠪᠦᠬᠦ ᠬᠤᠳᠠ ᠵᠢᠨ ᠺᠠᠳ᠋ᠷ ᠠᠵᠢᠯᠳᠠᠳ᠎ᠤᠨ ᠮᠦᠰᠦ ᠴᠠᠰᠤᠨ᠎ᠤ ᠰᠤᠨᠢᠷᠬᠠᠯᠳᠦ ᠲᠠᠮᠢᠷ᠎ᠤᠨ ᠴᠤᠭᠯᠠᠭ᠋ᠠᠨ ᠳ᠋ᠦᠩ ᠾᠸ ᠮᠦᠰᠦᠨ ᠲᠠᠯᠠᠪᠠᠢ᠎ᠳᠤ ᠶᠠᠪᠤᠭᠳᠠᠪᠠ᠃
ᠤᠢ᠌ᠯᠠᠭ᠋ᠠᠭᠰᠠᠨ ᠵᠶ᠋ᠠᠷ᠂ ᠲᠤᠰ ᠤᠳᠠᠭ᠋ᠠᠨ᠎ᠤ ᠠᠵᠢᠯᠯᠠᠭ᠎ᠠ᠎ᠳᠤ ᠪᠦᠬᠦ ᠬᠤᠳᠠ ᠵᠢᠨ 43 ᠠᠵᠦ ᠠᠬᠤᠢ᠌ᠯᠠᠯ ᠠᠵᠢᠯ ᠦᠢ᠍ᠯᠡᠰ ᠵᠢᠨ ᠨᠢᠭᠡᠴᠢ ᠵᠢᠨ ᠨᠡᠢ᠌ᠳᠡ 450 ᠭᠠᠷᠤᠢ ᠬᠦᠮᠦᠨ ᠤᠷᠤᠯᠴᠠᠪᠠ᠃ ᠲᠤᠰ ᠤᠳᠠᠭ᠋ᠠᠨ᠎ᠤ ᠠᠵᠢᠯᠯᠠᠭ᠎ᠠ᠎ᠳᠤ ᠬᠡᠯᠪᠡᠷᠢ᠎ᠨᠢ ᠲᠦᠭᠦᠮ᠂ ᠤᠷᠤᠯᠴᠠᠬᠤ᠎ᠳᠤ ᠠᠮᠠᠷᠬᠠᠨ᠂ ᠰᠤᠨᠢᠷᠬᠠᠯᠳᠦ ᠴᠢᠨᠠᠷ ᠵᠶ᠋ᠠᠷ ᠴᠢᠩᠭ᠎ᠠ 5 ᠲᠦᠷᠦᠯ ᠵᠦᠢ᠍ᠯ᠎ᠤᠨ ᠬᠦᠳᠡᠯᠭᠡᠭᠡᠨ ᠲᠤᠬᠢᠷᠠᠭᠤᠯᠵᠦ᠂ ᠦᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠲᠤ ᠪᠡᠶ᠎ᠡ ᠮᠠᠬᠠᠪᠤᠳ ᠵᠶ᠋ᠠᠨ ᠲᠠᠪᠳᠠᠨ ᠪᠤᠯᠪᠠᠰᠤᠷᠠᠭᠤᠯᠵᠦ᠂ ᠰᠤᠯᠢᠯᠴᠠᠭ᠎ᠠ᠎ᠪᠠᠨ ᠨᠡᠮᠡᠭᠳᠡᠬᠦᠯᠬᠦ ᠰᠠᠢ᠌ᠨ ᠰᠠᠢ᠌ᠬᠠᠨ ᠲᠠᠪᠴᠠᠩ ᠬᠠᠩᠭ᠋ᠠᠵᠦ᠂ ᠦᠷᠭᠡᠨ ᠤᠯᠠᠨ ᠺᠠᠳ᠋ᠷ ᠠᠵᠢᠯᠳᠠᠨ ᠠᠵᠢᠯᠴᠠᠨᠤ ᠤᠶᠤᠨ ᠰᠠᠨᠠᠭ᠎ᠠ ᠰᠤᠶᠤᠯ᠎ᠤᠨ ᠠᠮᠢᠳᠤᠷᠠᠯ᠎ᠢ ᠪᠠᠶᠠᠯᠢᠭᠵᠢᠭᠤᠯᠵᠦ᠂ ᠪᠦᠬᠦ ᠠᠷᠠᠳ ᠵᠶ᠋ᠠᠷ ᠵᠶ᠋ᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠵᠢ ᠪᠠᠢ᠌ᠭᠤᠯᠭ᠎ᠠ ᠨᠢᠭᠡᠴᠢ᠎ᠳᠤ ᠤᠷᠤᠭᠤᠯᠬᠤ ᠵᠢ ᠠᠬᠢᠭᠤᠯᠬᠤ᠂ ᠨᠡᠩ ᠤᠯᠠᠨ ᠬᠦᠮᠦᠰ᠎ᠤᠨ ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠳᠤ ᠤᠷᠤᠯᠴᠠᠬᠤ ᠵᠢ ᠤᠷᠮᠠᠰᠢᠭᠤᠯᠤᠨ ᠵᠤᠷᠢᠭᠵᠢᠭᠤᠯᠪᠠ᠃