
7 ᠰᠠᠷ᠎ᠠ ᠵᠢᠨ 12᠎ᠤᠨ ᠡᠳᠦᠷ᠂ ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠡᠵᠡᠨ ᠬᠣᠷᠣᠭ᠎ᠠ ᠬᠣᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠳᠠᠭ᠋ᠠᠭ᠋ᠠᠨ ᠡᠷᠭᠢᠯᠡᠵᠦ᠂ ᠣᠷᠳᠣᠰ ᠬᠣᠲᠠ ᠵᠢᠨ ᠨᠢᠭᠡᠳᠦᠭᠡᠷ ᠳᠤᠮᠳᠠᠳᠤ ᠰᠤᠷᠭ᠋ᠠᠭᠤᠯᠢ ᠵᠢᠨ ᠡᠵᠡᠨ ᠬᠣᠷᠣᠭ᠎ᠠ ᠬᠤᠪᠢᠶᠠᠷᠢ ᠰᠤᠷᠭ᠋ᠠᠭᠤᠯᠢ᠎ᠠᠴᠠ ᠬᠠᠮᠵᠢᠨ ᠡᠷᠭᠢᠯᠡᠭᠰᠡᠨ 2021 — 2022 ᠰᠤᠷᠤᠯᠭ᠎ᠠ ᠵᠢᠨ ᠣᠨ᠎ᠤ ᠪᠥᠬᠥ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠫᠢᠩᠫᠠᠩ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠡᠬᠢᠯᠡᠪᠡ᠂ ᠪᠥᠬᠥ ᠬᠣᠲᠠ ᠵᠢᠨ 8 ᠬᠣᠰᠢᠭᠤ ᠲᠣᠭᠣᠷᠢᠭ᠎ᠤᠨ 26 ᠲᠥᠯᠥᠭᠡᠯᠡᠭᠴᠢᠳ᠎ᠤᠨ ᠪᠠᠭ᠎ᠤᠨ 198 ᠲᠠᠮᠢᠷᠴᠢᠨ ᠤᠷᠤᠯᠳᠤᠭ᠋ᠠᠨ᠎ᠳᠤ ᠣᠷᠣᠯᠴᠠᠵᠠᠢ᠃
ᠤᠷᠤᠯᠳᠤᠭ᠋ᠠᠨ᠎ᠤ ᠬᠤᠭᠤᠴᠠᠭ᠎ᠠ᠎ᠨᠢ 3 ᠡᠳᠦᠷ ᠪᠠᠢ᠌ᠵᠦ᠂ ᠤᠷᠤᠯᠳᠤᠭ᠋ᠠᠨ᠎ᠳᠤ ᠣᠷᠤᠯᠴᠠᠬᠤ ᠲᠠᠮᠢᠷᠴᠢᠳ᠎ᠤᠨ ᠨᠠᠰᠤ ᠵᠢᠯ᠎ᠢ ᠦᠨᠳᠦᠰᠦᠯᠡᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠤᠭᠤᠢ᠌ᠯᠠᠩ᠂ ᠪᠠᠭ᠎ᠠ ᠰᠤᠷᠭ᠋ᠠᠭᠤᠯᠢ ᠵᠢᠨ ᠬᠥᠬᠡ ᠳᠤᠭᠤᠢ᠌ᠯᠠᠩ᠂ ᠪᠠᠭ᠎ᠠ ᠰᠤᠷᠭ᠋ᠠᠭᠤᠯᠢ ᠵᠢᠨ ᠬᠥᠬᠡᠭᠴᠢᠨ ᠳᠤᠭᠤᠢ᠌ᠯᠠᠩ ᠭᠡᠬᠦ ᠭᠤᠷᠪᠠᠨ ᠳᠤᠭᠤᠢ᠌ᠯᠠᠩ ᠲᠣᠬᠢᠷᠠᠭᠤᠯᠵᠤ᠂ ᠡᠷᠡᠭᠲᠡᠢ ᠵᠢᠨ ᠳ᠋ᠠᠩ ᠵᠶ᠋ᠠᠷ ᠴᠣᠬᠢᠬᠤ᠂ ᠡᠮᠡᠭᠲᠡᠢ ᠵᠢᠨ ᠳ᠋ᠠᠩ ᠵᠶ᠋ᠠᠷ ᠴᠣᠬᠢᠬᠤ᠂ ᠡᠷᠡᠭᠲᠡᠢ ᠵᠢᠨ ᠪᠦᠯᠬᠦᠮ ᠵᠢᠨ ᠤᠷᠤᠯᠳᠤᠭ᠋ᠠᠨ᠂ ᠡᠮᠡᠭᠲᠡᠢ ᠵᠢᠨ ᠪᠦᠯᠬᠦᠮ ᠵᠢᠨ ᠤᠷᠤᠯᠳᠤᠭ᠋ᠠᠨ ᠭᠡᠬᠦ ᠳᠥᠷᠪᠡᠨ ᠤᠷᠤᠯᠳᠤᠭ᠋ᠠᠨ᠎ᠢ ᠲᠤᠬᠢᠷᠠᠭᠤᠯᠪᠠ᠃


